ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ | ᠮᠠᠨ ᠤ ᠣᠷᠣᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠵᠡᠷᠭᠡ ᠳᠤᠨᠢ ᠠᠳᠬᠤᠨ᠂ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ | ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 7 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ ᠢᠳᠡᠭᠡᠨ ᠪᠤᠯᠪᠠᠰᠤᠷᠠᠭᠤᠯᠬᠤ 140 ᠠᠵᠤ ᠠᠬᠤᠶᠢᠯᠠᠯ ᠪᠣᠯᠣᠨ 397 ᠵᠢᠵᠢᠭ ᠦᠢᠯᠡᠳᠬᠡᠯ ᠤᠨ ᠭᠠᠵᠠᠷ ᠢ | ᠬᠠᠪᠰᠤᠷᠤᠨ ᠲᠡᠳᠬᠦᠵᠦ᠂ ᠠᠵᠤ ᠠᠬᠤᠶᠢᠯᠠᠯ ᠤᠨ ᠠᠰᠠᠭᠤᠳᠠᠯ ᠢ 127 ᠬᠤᠪᠢ ᠵᠢᠵᠢᠭ ᠦᠢᠯᠡᠳᠬᠡᠯ ᠤᠨ ᠭᠠᠵᠠᠷ ᠤᠨ ᠠᠰᠠᠭᠤᠳᠠᠯ ᠢ 434 ᠬᠤᠪᠢ ᠰᠢᠢᠳᠪᠦᠷᠢᠯᠡᠨ᠂ | 129 ᠵᠢᠵᠢᠭ ᠦᠢᠯᠡᠳᠬᠡᠯ ᠤᠨ ᠭᠠᠵᠠᠷ ᠤᠨ ᠳᠡᠰ ᠳᠡᠪᠰᠢᠬᠦ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠣᠷᠣᠨ ᠨᠤᠲᠤᠭ ᠤᠨ ᠣᠨᠴᠠᠯᠢᠭᠲᠤ ᠢᠳᠡᠭᠡᠨ ᠤ | ᠲᠥᠷᠥᠯ ᠲᠡᠮᠳᠡᠭ ᠢ 109 ᠪᠣᠶᠢᠵᠢᠭᠤᠯᠪᠠ᠃ | ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ ᠬᠠᠪᠰᠤᠷᠤᠨ ᠲᠡᠳᠬᠦᠬᠦ ᠠᠵᠢᠯᠯᠠᠭ᠎ᠠ ᠶᠢ 2022 ᠣᠨ ᠳᠤ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠵᠢᠯ ᠤᠨ 3 ᠰᠠᠷ᠎ᠠ ᠳᠤ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠢ | ᠬᠤᠯᠪᠤᠭᠠᠯᠠᠨ ᠬᠠᠪᠰᠤᠷᠤᠨ ᠲᠡᠳᠬᠦᠬᠦ ᠠᠵᠢᠯᠯᠠᠭ᠎ᠠ ᠶᠢᠨ ᠲᠣᠭᠲᠠᠴᠠ ᠶᠢ ᠡᠬᠢᠯᠡᠭᠦᠯᠵᠦ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ︽ᠰᠡᠳᠬᠢᠯ ᠤᠨ ᠬᠥᠭᠦᠷᠭᠡ︾ | ᠶᠢ ᠪᠠᠶᠢᠭᠤᠯᠬᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠦᠷᠭᠡᠵᠦ ᠲᠥᠷᠥ ᠶᠢᠨ ᠪᠣᠳᠣᠯᠭ᠎ᠠ ᠬᠦᠷᠭᠡᠬᠦ᠂ ᠬᠠᠪᠰᠤᠷᠤᠨ ᠲᠡᠳᠬᠦᠬᠦ ᠳᠤᠭᠤᠶᠢᠯᠠᠩ ᠪᠠᠶᠢᠭᠤᠯᠬᠤ ᠵᠡᠷᠭᠡ | ᠠᠷᠭ᠎ᠠ ᠬᠡᠮᠵᠢᠶ᠎ᠡ ᠪᠠᠷ ᠳᠡᠮᠵᠢᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠥᠷᠨᠢᠭᠦᠯᠪᠡ᠃ 2024 ᠣᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠳᠣᠣᠷ᠎ᠠ᠂ ᠪᠦᠭᠦ ᠣᠷᠣᠨ ᠤ ᠡᠯ᠎ᠡ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠪᠬᠢᠲᠡᠢ ᠬᠥᠳᠡᠯᠦᠯᠴᠡᠵᠦ᠂ ᠬᠡᠷᠡᠭᠴᠡᠭᠡ ᠱᠠᠭᠠᠷᠳᠠᠯᠭ᠎ᠠ ᠶᠢ ᠨᠢ ᠠᠰᠠᠭᠤᠨ᠂ ᠠᠵᠤ | ᠠᠬᠤᠶᠢᠯᠠᠯ ᠢ ᠣᠨᠣᠴᠠᠲᠠᠢ ᠪᠠᠷ ᠲᠤᠰᠠᠯᠠᠵᠤ᠂ ᠲᠤᠬᠠᠢ ᠶᠢᠨ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠪᠰᠤᠷᠤᠨ ᠲᠡᠳᠬᠦᠬᠦ ᠨᠡᠷᠡᠰ ᠢ | ᠲᠣᠭᠲᠠᠭᠠᠵᠤ᠂ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠪᠠᠶᠢᠴᠠᠭᠠᠯᠲᠠ ᠬᠢᠬᠦ᠂ ᠰᠢᠰᠲ᠋ᠧᠮ ᠲᠠᠢ ᠪᠠᠶᠢᠴᠠᠭᠠᠯᠲᠠ ᠬᠢᠬᠦ᠂ | ᠰᠤᠭᠤᠴᠢᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ ᠢᠳᠡᠭᠡᠨ ᠤ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠳᠤᠨᠢ ᠲᠣᠬᠢᠷᠠᠭᠤᠯᠤᠨ | ᠦᠢᠯᠡᠴᠢᠯᠡᠭᠡ ᠬᠠᠩᠭᠠᠪᠠ᠃ ᠢᠯᠠᠩᠭᠤᠶ᠎ᠠ ᠠᠯᠠᠱᠠ ᠠᠶᠢᠮᠠᠭ ᠪᠣᠯᠣᠨ ᠪᠠᠶᠠᠨᠨᠠᠭᠤᠷ ᠬᠤᠲᠠ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠳᠤ ᠰᠠᠭᠤᠷᠢᠯᠠᠨ ᠣᠷᠣᠨ | ᠨᠤᠲᠤᠭ ᠤᠨ ᠣᠨᠴᠠᠯᠢᠭᠲᠤ ᠢᠳᠡᠭᠡᠨ ᠢ ᠢᠳᠡᠪᠬᠢᠲᠡᠢ ᠢᠯᠡᠷᠡᠭᠦᠯᠵᠦ᠂ ᠡᠨᠡ ᠵᠢᠯ ᠬᠤᠶᠠᠷ ᠭᠠᠵᠠᠷ ᠤᠨ ᠬᠢᠨ ᠤᠯᠠᠨ ᠲᠦᠮᠡᠨ ᠳᠤ ᠲᠠᠭᠠᠰᠢᠶᠠᠭᠳᠠᠭᠰᠠᠨ᠂ ᠶᠠᠰᠤ ᠴᠢᠨᠠᠷ | ᠰᠠᠶᠢᠨ 50 ᠭᠠᠷᠤᠢ ᠵᠢᠵᠢᠭ ᠦᠢᠯᠡᠳᠬᠡᠯ ᠤᠨ ᠭᠠᠵᠠᠷ ᠢ ᠪᠠᠶᠢᠭᠤᠯᠤᠭᠰᠠᠨ ᠪᠠᠶᠢᠨ᠎ᠠ᠃ | | |