ᠠᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠮᠦᠽᠧᠢ ᠶᠢᠨ ᠦᠵᠡᠰᠭᠦᠯᠡᠩ ᠤᠨ ᠴᠤᠭᠯᠠᠭᠠᠨ ᠤ ᠲᠤᠰᠬᠠᠢ ᠰᠡᠳᠦᠪᠲᠦ ᠲᠠᠶᠢᠯᠤᠮᠵᠢ ᠶᠠᠪᠤᠭᠳᠠᠪᠠ
ᠨᠡᠶᠢᠲᠡᠯᠡᠭᠰᠡᠨ ᠴᠠᠭ᠄
2024/8/23
      8 ᠰᠠᠷ᠎ᠠ ᠶᠢᠨ 21 ᠤ ᠡᠳᠦᠷ᠂ ᠠᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠮᠦᠽᠧᠢ ᠶᠢᠨ ᠦᠵᠡᠰᠭᠦᠯᠡᠩ ᠤᠨ ᠴᠤᠭᠯᠠᠭᠠᠨ ᠤ ᠲᠤᠰᠬᠠᠢ ᠰᠡᠳᠦᠪᠲᠦ ᠲᠠᠶᠢᠯᠤᠮᠵᠢ ᠥᠪᠥᠷ ᠮᠣᠩᠭᠤᠯ ᠤᠨ ᠮᠦᠽᠧᠢ ᠳᠤ ᠶᠠᠪᠤᠭᠳᠠᠪᠠ᠃ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ ᠤᠨ ᠬᠡᠷᠡᠭ ᠡᠷᠭᠢᠯᠡᠭᠴᠢᠳ ᠤᠨ ᠳᠠᠷᠤᠭ᠎ᠠ ᠯᠢᠦ ᠱᠣ᠋ ᠭᠤᠸᠠᠩ ᠲᠤᠰ ᠬᠤᠭᠤᠴᠠᠭᠠᠨ ᠤ ᠮᠦᠽᠧᠢ ᠶᠢᠨ ᠦᠵᠡᠰᠭᠦᠯᠡᠩ ᠤᠨ ᠴᠤᠭᠯᠠᠭᠠᠨ ᠤ ᠭᠤᠣᠯ ᠰᠡᠳᠦᠪ ︽ᠮᠦᠽᠧᠢ ᠶᠢᠨ ᠴᠢᠨᠠᠷ ᠰᠠᠶᠢᠲᠠᠢ ᠬᠥᠭᠵᠢᠯᠲᠡ᠄ ᠬᠥᠮᠦᠵᠢᠯ ᠪᠠ ᠰᠤᠳᠤᠯᠭᠠᠨ ᠢ ᠵᠡᠷᠭᠡ ᠪᠠᠷ ᠴᠢᠬᠤᠯᠠᠴᠢᠯᠠᠵᠤ ᠲᠤᠭᠠᠴᠢᠯᠠᠯᠳᠠ ᠪᠠ ᠪᠣᠳᠠᠲᠠᠢ ᠶᠢ ᠠᠭᠤᠰᠤᠯᠴᠠᠭᠤᠯᠬᠤ︾ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠡᠢ᠃      ᠲᠤᠰ ᠡᠳᠦᠷ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠶᠢᠨ ᠨᠡᠶᠢᠭᠡᠮᠯᠢᠭ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠥᠪᠥᠷ ᠮᠣᠩᠭᠤᠯ ᠤᠨ ᠮᠦᠽᠧᠢ ᠶᠢᠨ ᠨᠡᠶᠢᠭᠡᠮᠯᠢᠭ ᠢ ᠥᠪᠥᠷ ᠮᠣᠩᠭᠤᠯ ᠤᠨ ᠮᠦᠽᠧᠢ ᠵᠡᠷᠭᠡ 8 ᠨᠢᠭᠡᠴᠢ ᠬᠠᠮᠲᠤ ᠪᠠᠷ ᠡᠭᠦᠰᠬᠡᠨ ᠪᠠᠶᠢᠭᠤᠯᠵᠤ᠂ ᠭᠡᠰᠢᠭᠦᠨ ᠨᠢᠭᠡᠴᠢ ᠨᠢ ᠪᠦᠭᠦ ᠣᠷᠣᠨ ᠤ ᠤᠯᠤᠰ ᠤᠨ ᠨᠢᠭᠡᠳᠦᠭᠡᠷ ᠳᠡᠰ ᠤᠨ ᠮᠦᠽᠧᠢ᠂ ᠡᠯ᠎ᠡ ᠠᠶᠢᠮᠠᠭ ᠬᠤᠲᠠ ᠶᠢᠨ ᠮᠦᠽᠧᠢ᠂ ᠴᠢᠬᠤᠯᠠ ᠬᠤᠰᠢᠭᠤ ᠰᠢᠶᠠᠨ ᠤ ᠮᠦᠽᠧᠢ ᠪᠠᠷ ᠪᠦᠷᠢᠯᠳᠦᠵᠦ᠂ ᠣᠳᠣᠬᠠᠨ ᠳᠤ ᠨᠡᠶᠢᠲᠡ 30 ᠨᠢᠭᠡᠴᠢ ᠲᠠᠢ᠃ ᠨᠡᠶᠢᠭᠡᠮᠯᠢᠭ ᠲᠤ ᠰᠠᠩ ᠬᠠᠮᠢᠶᠠᠷᠤᠭᠴᠢ ᠶᠢᠨ ᠰᠤᠳᠤᠯᠭᠠᠨ ᠤ ᠲᠤᠰᠬᠠᠢ ᠮᠡᠷᠭᠡᠵᠢᠯ ᠤᠨ ᠵᠥᠪᠯᠡᠯ᠂ ᠨᠡᠶᠢᠭᠡᠮ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ᠂ ᠳᠡᠯᠭᠡᠨ ᠦᠵᠡᠭᠦᠯᠭᠡ ᠶᠢᠨ ᠲᠤᠰᠬᠠᠢ ᠮᠡᠷᠭᠡᠵᠢᠯ ᠤᠨ ᠵᠥᠪᠯᠡᠯ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠥᠪᠯᠡᠯ ᠭᠠᠷᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠶᠢᠨ ᠨᠡᠶᠢᠭᠡᠮᠯᠢᠭ ᠪᠠᠶᠢᠭᠤᠯᠤᠭᠳᠠᠭᠰᠠᠨ ᠨᠢ ᠪᠦᠭᠦ ᠣᠷᠣᠨ ᠤ ᠮᠦᠽᠧᠢ ᠶᠢᠨ ᠡᠬᠢ ᠪᠠᠶᠠᠯᠢᠭ ᠢ ᠨᠡᠶᠢᠳᠬᠡᠬᠦ᠂ ᠮᠦᠽᠧᠢ ᠶᠢᠨ ᠠᠵᠢᠯ ᠲᠦᠷᠦᠯ ᠤᠨ ᠬᠥᠭᠵᠢᠯᠲᠡ ᠶᠢ ᠠᠬᠢᠭᠤᠯᠬᠤ ᠳᠤ ᠨᠡᠩ ᠥᠷᠭᠡᠨ ᠠᠭᠤᠳᠠᠮ ᠲᠠᠪᠴᠠᠩ ᠬᠠᠩᠭᠠᠵᠤ᠂ ᠡᠷᠳᠡᠮ ᠰᠢᠨᠵᠢᠯᠡᠭᠡᠨ ᠤ ᠰᠤᠳᠤᠯᠭᠠᠨ᠂ ᠳᠡᠯᠭᠡᠨ ᠦᠵᠡᠭᠦᠯᠭᠡ ᠦᠵᠡᠰᠭᠦᠯᠡᠩ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠨᠡᠶᠢᠭᠡᠮ ᠤᠨ ᠰᠤᠷᠭᠠᠨ ᠬᠥᠮᠦᠵᠢᠯ᠂ ᠴᠢᠳᠠᠪᠤᠷᠢᠲᠠᠨ ᠤ ᠬᠥᠮᠦᠵᠢᠯ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠭᠦ ᠣᠷᠣᠨ  ᠤ ᠮᠦᠽᠧᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠠᠷᠪᠠᠳᠤᠭᠠᠷ ᠬᠤᠭᠤᠴᠠᠭᠠᠨ ᠤ ᠮᠦᠽᠧᠢ ᠶᠢᠨ ᠦᠵᠡᠰᠭᠦᠯᠡᠩ ᠤᠨ ᠴᠤᠭᠯᠠᠭᠠᠨ ᠳᠤ ᠵᠣᠷᠢᠭᠤᠯᠤᠨ ᠥᠪᠥᠷ ᠮᠣᠩᠭᠤᠯ ᠤᠨ ᠮᠦᠽᠧᠢ ︽ᠶᠦᠨᠨᠠᠨ ᠤ ᠬᠦᠷᠡᠯ ᠡᠳ᠋ᠯᠡᠯ ᠤᠨ ᠰᠣᠶᠣᠯ ᠤᠨ ᠦᠵᠡᠭᠦᠯᠭᠡ︾ ᠭᠠᠷᠭᠠᠪᠠ᠃ ᠦᠵᠡᠭᠦᠯᠭᠡ ᠨᠢ ︽ᠡᠷᠲᠡᠨ ᠤ ᠤᠯᠤᠰ ᠤᠨ ᠥᠩᠭᠡ ᠭᠢᠯᠪᠠᠭ᠎ᠠ︾᠂ ︽ᠬᠦᠷᠡᠯ ᠴᠢᠳᠬᠤᠮᠠᠯ ᠤᠨ ᠲᠡᠦᠬᠡ︾ ᠪᠠ ︽ᠠᠭᠤᠰᠤᠯᠴᠠᠯ ᠨᠢᠭᠡᠳᠦᠯ︾ ᠭᠡᠬᠦ ᠭᠤᠷᠪᠠᠨ ᠬᠡᠰᠡᠭ ᠢᠶᠠᠷ ᠪᠦᠷᠢᠯᠳᠦᠵᠦ᠂ ᠶᠦᠨᠨᠠᠨ ᠮᠤᠵᠢ ᠶᠢᠨ ᠮᠦᠽᠧᠢ᠂ ᠶᠦᠨᠨᠠᠨ ᠤ ᠯᠢ ᠵᠢᠶᠠ ᠱᠠᠨ ᠤ ᠬᠦᠷᠡᠯ ᠡᠳ᠋ᠯᠡᠯ ᠤᠨ ᠮᠦᠽᠧᠢ᠂ ᠺᠦᠨᠮᠢᠩ ᠬᠤᠲᠠ ᠶᠢᠨ ᠵᠢᠨᠨᠢᠩ ᠲᠣᠭᠤᠷᠢᠭ ᠤᠨ ᠮᠦᠽᠧᠢ ᠪᠣᠯᠣᠨ ᠥᠪᠥᠷ ᠮᠣᠩᠭᠤᠯ ᠤᠨ ᠮᠦᠽᠧᠢ ᠶᠢᠨ 205 ᠲᠡᠦᠬᠡ ᠶᠢᠨ ᠳᠤᠷᠠᠰᠬᠠᠯᠲᠤ ᠵᠦᠢᠯ ᠢ ᠰᠣᠩᠭᠤᠨ 2000 ᠭᠠᠷᠤᠢ ᠵᠢᠯ ᠤᠨ ᠲᠡᠦᠬᠡ ᠲᠠᠢ ᠡᠷᠲᠡᠨ ᠤ ᠬᠦᠷᠡᠯ ᠡᠳ᠋ᠯᠡᠯ ᠤᠨ ᠰᠣᠶᠣᠯ ᠢ ᠳᠡᠯᠭᠡᠪᠡ᠃ ᠲᠤᠰ ᠦᠵᠡᠭᠦᠯᠭᠡ ᠨᠢ 8 ᠰᠠᠷ᠎ᠠ ᠶᠢᠨ 21 ᠠᠴᠠ 10 ᠰᠠᠷ᠎ᠠ ᠶᠢᠨ 22 ᠤᠨ ᠡᠳᠦᠷ ᠪᠤᠯᠲᠠᠯ᠎ᠠ ᠶᠠᠪᠤᠭᠳᠠᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ