ᠰᠢ ᠶᠢᠨ ᠫᠢᠩ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/8/27
      ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠬᠤᠸᠠ ᠴᠦᠨ ᠶᠢᠩ 23 ᠤ ᠡᠳᠦᠷ᠄ ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 5 ᠤ ᠡᠳᠦᠷ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ  ᠳᠤ ᠣᠷᠤᠯᠴᠠᠬᠤ ᠶᠢᠨ ᠬᠠᠮᠲᠤ ᠭᠤᠣᠯ ᠵᠤᠷᠢᠯᠳᠠᠳᠤ ᠶᠠᠷᠢᠶ᠎ᠠ ᠲᠠᠯᠪᠢᠨ᠎ᠠ᠃ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠲᠡᠷᠢᠭᠦᠯᠡᠭᠴᠢ ᠰᠢ ᠶᠢᠨ ᠫᠢᠩ ᠪᠠᠰᠠ ᠤᠷᠢᠯᠭ᠎ᠠ ᠪᠠᠷ ᠬᠤᠷᠠᠯ ᠳᠤ ᠣᠷᠤᠯᠴᠠᠬᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠪᠦᠷᠢᠯᠳᠦᠭᠦᠨ ᠤᠯᠤᠰ ᠤᠨ ᠤᠳᠤᠷᠢᠳᠬᠤ ᠬᠥᠮᠥᠰ᠂  ᠠᠹᠷᠢᠺᠠ ᠲᠢᠪ ᠤᠨ ᠭᠠᠵᠠᠷ ᠣᠷᠣᠨ ᠤ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠨᠠᠷ ᠢ ᠤᠭᠲᠤᠬᠤ ᠳᠠᠶᠢᠯᠠᠯᠭ᠎ᠠ ᠪᠠ ᠬᠤᠯᠪᠣᠭᠳᠠᠯ ᠪᠦᠬᠦᠢ ᠬᠤᠶᠠᠷ ᠲᠠᠯ᠎ᠠ ᠶᠢᠨ ᠠᠵᠢᠯᠯᠠᠭ᠎ᠠ ᠥᠷᠨᠢᠭᠦᠯᠦᠨ᠎ᠡ ᠭᠡᠵᠦ ᠨᠡᠶᠢᠲᠡᠯᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ