ᠵᠧᠦ ᠭᠤᠸᠠᠩ ᠵᠤᠤ ᠨᠥᠬᠦᠷ ᠤᠨ ᠴᠢᠨᠳᠠᠷ ᠢ ᠪᠡᠭᠡᠵᠢᠩ ᠳᠤ ᠳᠡᠭᠳᠡᠭᠡᠪᠡ
ᠨᠡᠶᠢᠲᠡᠯᠡᠭᠰᠡᠨ ᠴᠠᠭ᠄
2024/8/27
      ᠰᠢ ᠶᠢᠨ ᠫᠢᠩ   ᠵᠤᠤ ᠯᠧ ᠵᠢᠢ   ᠸᠠᠩ ᠬᠤ᠋ ᠨᠢᠩ   ᠼᠠᠢ ᠴᠢ   ᠳ᠋ᠢᠩ ᠰᠢᠤᠸᠠᠢ ᠰᠢᠶᠠᠩ   ᠯᠢ ᠰᠢ  ᠬᠠᠨ ᠵᠧᠩ ᠨᠠᠷ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠪᠠ      ᠵᠧᠦ ᠭᠤᠸᠠᠩ ᠵᠤᠤ ᠨᠥᠬᠦᠷ ᠢ ᠬᠦᠨᠳᠦ ᠡᠪᠡᠳᠴᠢᠯᠡᠭᠡᠳ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ᠂ ᠰᠢ ᠶᠢᠨ ᠫᠢᠩ   ᠯᠢ ᠴᠢᠶᠠᠩ   ᠵᠤᠤ ᠯᠧ ᠵᠢᠢ   ᠸᠠᠩ ᠬᠤ᠋ ᠨᠢᠩ   ᠼᠠᠢ ᠴᠢ  ᠳ᠋ᠢᠩ ᠰᠢᠤᠸᠠᠢ ᠰᠢᠶᠠᠩ   ᠯᠢ ᠰᠢ   ᠬᠠᠨ ᠵᠧᠩ   ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠡᠯ᠎ᠡ ᠵᠦᠢᠯ ᠤᠨ ᠭᠡᠯᠪᠡᠷᠢ ᠪᠠᠷ ᠵᠧᠦ ᠭᠤᠸᠠᠩ ᠵᠤᠤ ᠨᠥᠬᠦᠷ ᠤᠨ ᠨᠠᠰᠤ ᠪᠠᠷᠠᠭᠰᠠᠨ ᠳᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ      ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠨᠠᠮ ᠤᠨ ᠭᠡᠰᠢᠭᠦᠨ᠂ ᠡᠪ ᠬᠠᠮᠲᠤ ᠶᠣᠰᠣᠨ ᠤ ᠰᠢᠳᠤᠷᠭᠤ ᠪᠠᠶᠢᠯᠳᠤᠭᠴᠢ᠂ ᠭᠠᠷᠮᠠᠭᠠᠢ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠷ᠎ᠡ ᠬᠦᠨᠳᠦᠲᠦ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠤᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ᠂ ᠤᠤᠯ ᠤᠨ ᠲᠡᠷᠢᠭᠦᠯᠡᠭᠴᠢ᠂ ᠶᠢᠰᠦᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠧᠦ ᠭᠤᠸᠠᠩ ᠵᠣᠤ ᠨᠥᠬᠦᠷ ᠤᠨ ᠴᠢᠨᠳᠠᠷ ᠢ 23 ᠤ ᠡᠳᠦᠷ ᠪᠡᠭᠡᠵᠢᠩ ᠤᠨ ᠪᠠᠪᠦᠦᠱᠠᠨ ᠳᠠᠬᠢ  ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃      ᠵᠧᠦ ᠭᠤᠸᠠᠩ ᠵᠤᠤ ᠨᠥᠬᠦᠷ ᠡᠪᠡᠳᠴᠢᠨ ᠢᠶᠠᠷ 2024 ᠣᠨ ᠤ 8 ᠰᠠᠷ᠎ᠠ ᠶᠢᠨ 17 ᠤ ᠡᠳᠦᠷ ᠤᠨ 22 ᠴᠠᠭ 55 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ ᠨᠠᠰᠤᠨ ᠰᠡᠭᠦᠳᠡᠷ 95᠃      ᠵᠧᠦ ᠭᠤᠸᠠᠩ ᠵᠤᠤ ᠨᠥᠬᠦᠷ ᠢ ᠬᠦᠨᠳᠦ ᠡᠪᠡᠳᠴᠢᠯᠡᠭᠡᠳ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠡᠯ᠎ᠡ ᠵᠦᠢᠯ ᠤᠨ ᠭᠡᠯᠪᠡᠷᠢ ᠪᠠᠷ ᠵᠧᠦ ᠭᠤᠸᠠᠩ ᠵᠤᠤ ᠨᠥᠬᠦᠷ ᠤᠨ ᠨᠠᠰᠤ ᠪᠠᠷᠠᠭᠰᠠᠨ ᠳᠤ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃      23 ᠤ ᠦᠳᠡ ᠶᠢᠨ ᠡᠮᠦᠨ᠎ᠡ᠂ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠲᠥᠪ ᠴᠢᠬᠢᠮᠡᠢ ᠪᠠᠶᠢᠵᠤ᠂ ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠴᠤᠤᠷᠢᠶᠠᠯᠠᠨ᠎ᠠ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ︽ᠵᠧᠦ ᠭᠤᠸᠠᠩ ᠵᠤᠤ ᠨᠥᠬᠦᠷ ᠢ ᠡᠮᠭᠡᠨᠢᠨ ᠭᠠᠰᠢᠭᠤᠳᠠᠶ᠎ᠠ︾ᠭᠡᠬᠦ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠵᠧᠦ ᠭᠤᠸᠠᠩ ᠵᠤᠤ ᠨᠥᠬᠦᠷ ᠤᠨ ᠭᠦᠷᠦᠭ ᠢ ᠡᠯᠭᠦᠵᠡᠢ᠃ ᠵᠧᠦ ᠭᠤᠸᠠᠩ ᠵᠤᠤ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠢᠶᠠᠷ ᠬᠤᠴᠢᠵᠠᠢ᠃      ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠭᠠᠰᠢᠭᠤᠳᠠᠯ ᠤᠨ ᠠᠶᠠᠰ ᠤᠨ ᠳᠤᠮᠳᠠ ᠵᠧᠦ ᠭᠤᠸᠠᠩ ᠵᠤᠤ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠨᠠᠮᠠᠨᠴᠢᠯᠠᠨ ᠭᠠᠰᠢᠭᠤᠳᠠᠵᠤ᠂ ᠵᠧᠦ ᠭᠤᠸᠠᠩ ᠵᠤᠤ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠭᠰᠠᠨ ᠪᠥᠭᠡᠳ ᠵᠧᠦ ᠭᠤᠸᠠᠩ ᠵᠤᠤ ᠨᠥᠬᠦᠷ ᠤᠨ ᠲᠦᠷᠦᠯ ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ᠂ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃      ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠤᠯᠠᠨ ᠭᠡᠯᠪᠡᠷᠢ ᠪᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠵᠧᠦ ᠭᠤᠸᠠᠩ ᠵᠤᠤ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠴᠤ ᠬᠦᠷᠦᠯᠴᠡᠨ ᠢᠷᠠᠵᠤ ᠠᠶᠠᠷᠯᠠᠨ ᠮᠣᠷᠳᠠᠭᠤᠯᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ