8 ᠰᠠᠷ᠎ᠠ ᠶᠢᠨ 24 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ︵2024︶ ᠦᠬᠡᠷ ᠤᠨ ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ | ᠲᠦᠩᠯᠢᠶᠣᠣ ᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ | ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠵᠡᠢ᠃ | ᠬᠤᠷᠠᠯ ᠳᠡᠭᠡᠷ᠎ᠡ ︽ᠰᠠᠶᠢᠨ ᠦᠬᠡᠷ ᠰᠠᠶᠢᠨ ᠮᠢᠬᠠᠨ ᠤ ᠲᠦᠷᠦᠯ ᠲᠡᠮᠳᠡᠭ ᠢ ᠪᠣᠶᠢᠵᠢᠭᠤᠯᠤᠨ ᠰᠢᠯᠢᠳᠡᠭᠵᠢᠭᠦᠯᠬᠦ ᠠᠵᠢᠯᠯᠠᠭᠠᠨ ᠤ ᠲᠥᠯᠥᠪᠯᠡᠭᠡ︾ ᠶᠢᠨ ᠵᠦᠭᠯᠡᠭᠦᠷ ᠢ | ᠨᠡᠶᠢᠲᠡᠯᠡᠵᠦ᠂ ᠠᠵᠢᠯ ᠲᠦᠷᠦᠯ ᠤᠨ ᠬᠥᠭᠵᠢᠯᠲᠡ ᠳᠤ ᠣᠨᠣᠴᠠᠲᠠᠢ ᠵᠢᠯᠣᠭᠤᠳᠤᠯᠭ᠎ᠠ ᠬᠠᠩᠭᠠᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠢ | ᠡᠬᠢᠯᠡᠭᠦᠯᠬᠦ ᠶᠣᠰᠣᠯᠠᠯ ᠶᠠᠪᠤᠭᠤᠯᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠤᠨ ᠦᠨ᠎ᠡ ᠦᠷᠲᠡᠭ ᠢ ᠦᠨᠡᠯᠡᠭᠰᠡᠨ ᠦᠷ᠎ᠡ ᠳ᠋ᠦᠩ ᠵᠢᠴᠢ | ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠨᠡᠶᠢᠲᠡᠯᠡᠵᠦ᠂ ︽ᠲᠦᠩᠯᠢᠶᠣᠣ ᠶᠢᠨ ᠮᠢᠬᠠᠨ ᠤ ᠦᠬᠡᠷ︾ ᠤᠨ ᠲᠣᠮᠣ | ᠳ᠋ᠠᠶᠢᠲ᠋ᠠ ᠶᠢᠨ ᠬᠡᠷᠡᠭᠯᠡᠭᠡᠨ ᠤ ᠰᠢᠰᠲ᠋ᠧᠮ ᠤᠨ ᠡᠬᠢᠯᠡᠯᠲᠡ ᠶᠢᠨ ᠶᠣᠰᠣᠯᠠᠯ ᠶᠠᠪᠤᠭᠤᠯᠬᠤ ᠶᠢᠨ ᠬᠠᠮᠲᠤ᠂ ︽ᠦᠬᠡᠷ ᠲᠡᠵᠢᠭᠡᠬᠦ ᠴᠢᠳᠠᠪᠤᠷᠢᠲᠠᠨ︾ ᠤ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠪᠠ ︽2024 ᠣᠨ ᠤ ᠲᠦᠩᠯᠢᠶᠣᠣ ᠬᠤᠲᠠ ᠶᠢᠨ ᠦᠬᠡᠷ ᠰᠢᠯᠭᠠᠷᠠᠭᠤᠯᠬᠤ ᠤᠷᠤᠯᠳᠤᠭᠠᠨ︾ ᠳᠤ ᠱᠠᠩᠨᠠᠯ | ᠣᠯᠣᠭᠰᠠᠳ ᠲᠤ ᠱᠠᠩᠨᠠᠯ ᠣᠯᠭᠤᠪᠠ᠃ | ᠶᠡᠭᠡ ᠬᠤᠷᠠᠯ ᠤᠨ ᠬᠤᠭᠤᠴᠠᠭᠠᠨ ᠳᠤ ᠪᠠᠰᠠ ᠮᠢᠬᠠᠨ ᠤ ᠦᠬᠡᠷ ᠤᠨ ᠠᠵᠤ ᠦᠢᠯᠡᠰ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠵᠥᠪᠯᠡᠯᠴᠡᠭᠡᠷ ᠲᠣᠭᠲᠠᠬᠤ | ᠶᠣᠰᠣᠯᠠᠯ ᠶᠠᠪᠤᠭᠤᠯᠵᠤ᠂ ᠨᠡᠶᠢᠲᠡ 35 ᠲᠦᠷᠦᠯ ᠵᠦᠢᠯ ᠤᠨ ᠵᠥᠪᠯᠡᠯᠴᠡᠭᠡᠷ ᠲᠣᠭᠲᠠᠵᠤ᠂ ᠶᠡᠷᠦᠩᠬᠡᠢ ᠵᠣᠭᠤᠰ ᠤᠨ ᠲᠤᠭ᠎ᠠ ᠨᠢ 168.46 ᠳ᠋ᠦᠩᠰᠢᠭᠤᠷ | ᠲᠥᠭᠦᠷᠢᠭ ᠲᠤ ᠬᠦᠷᠴᠡᠢ᠃ ︽ᠪᠦᠬᠦ ᠤᠯᠤᠰ ᠤᠨ ᠦᠬᠡᠷ ᠤᠨ ᠮᠢᠬᠠᠨ ᠤ ᠪᠡᠯᠡᠨ ᠵᠠᠭᠤᠰᠢ ᠶᠢᠨ ᠤᠷᠤᠯᠳᠤᠭᠠᠨ︾ ᠪᠠ ︽ᠪᠦᠬᠦ ᠤᠯᠤᠰ ᠤᠨ ᠦᠬᠡᠷ ᠤᠨ ᠮᠢᠬᠠᠨ ᠤ | ᠬᠤᠭᠤᠯᠠ ᠬᠢᠬᠦ ᠤᠷᠤᠯᠳᠤᠭᠠᠨ︾ ᠶᠠᠪᠤᠭᠤᠯᠪᠠ᠃ | |