ᠬᠥᠬᠡᠬᠤᠲᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠᠷ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ | ᠪᠣᠳᠠᠲᠠᠶᠢᠵᠢᠭᠤᠯᠬᠤ ᠶᠢ ᠳᠡᠮᠵᠢᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠨᠢᠭᠡ ᠳᠤ ᠭᠡᠷ᠎ᠡ ᠲᠣᠭᠲᠠᠭᠰᠠᠨ | ᠰᠠᠭᠤᠭᠠᠯᠢ ᠠᠷᠠᠳ ᠤᠨ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠴᠡᠭ ᠲᠣᠭᠲᠠᠭᠠᠭᠰᠠᠨ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠤ ᠣᠷᠣᠭᠤᠯᠪᠠ︔ ᠡᠭᠦᠳᠡᠨ | ᠡᠮᠨᠡᠯᠭᠡ ᠶᠢᠨ ᠣᠨᠣᠰᠢᠯᠠᠨ ᠪᠠᠶᠢᠴᠠᠭᠠᠬᠤ 11 ᠵᠦᠢᠯ ᠤᠨ ᠵᠠᠷᠤᠳᠠᠯ ᠢᠴᠡᠭ ᠲᠣᠭᠲᠠᠭᠠᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠬᠢᠯᠡᠵᠦ | ᠲᠥᠯᠥᠬᠦ ᠱᠤᠭᠤᠮ ᠦᠭᠡᠢ ᠪᠣᠯᠭᠠᠵᠤ᠂ 100% ᠪᠠᠷ ᠲᠠᠩᠰᠠ ᠲᠠᠶᠢᠯᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠥᠬᠦ ᠬᠤᠲᠠ ᠳᠤ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠭᠰᠠᠨ ᠬᠥᠮᠥᠨ ᠤ ᠲᠤᠭ᠎ᠠ ᠨᠢ 194.17 ᠲᠦᠮᠡ ᠳᠤ ᠬᠦᠷᠴᠡᠢ᠃ ᠬᠤᠶᠠᠷ ᠲᠤ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠳᠤ ᠭᠡᠷ ᠪᠦᠯᠢ ᠶᠢᠨ ᠡᠮᠴᠢ ᠶᠢᠨ 884 ᠪᠦᠯᠬᠦᠮ ᠢ ᠵᠣᠬᠢᠶᠠᠨ ᠪᠠᠶᠢᠭᠤᠯᠵᠤ᠂ 10 ᠵᠦᠢᠯ ᠤᠨ ᠬᠡᠷᠡᠭᠴᠡᠭᠡ | ᠱᠠᠭᠠᠷᠳᠠᠯᠭᠠᠲᠦ ᠦᠢᠯᠡᠴᠢᠯᠡᠭᠡᠨ ᠤ ᠪᠣᠭᠤᠳᠠᠯ ᠲᠣᠭᠲᠠᠭᠠᠨ᠂ ᠭᠤᠷᠪᠠᠳᠤᠭᠠᠷ ᠳᠡᠰ ᠤᠨ ᠬᠥᠬᠡ ᠵᠡᠷᠭᠡ ᠶᠢᠨ 7 ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠵᠢᠴᠢ | ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ 115 ᠡᠮᠴᠢ ᠨᠡᠶᠢᠲᠡ 1183 ᠤᠳᠠᠭ᠎ᠠ ᠡᠮᠴᠢᠯᠡᠭᠡ ᠬᠢᠭᠰᠡᠨ ᠪᠠ ᠡᠷᠦᠬᠡ ᠳᠤ ᠬᠦᠷᠴᠦᠵᠢᠭᠠᠨ ᠵᠢᠯᠤᠭᠤᠳᠴᠤ᠂ | ᠠᠰᠢᠭ ᠬᠦᠷᠲᠡᠭᠰᠡᠨ ᠣᠯᠠᠨ ᠲᠦᠮᠡᠨ 3.2 ᠲᠦᠮᠡᠨ ᠬᠥᠮᠥᠨ ᠤᠳᠠᠭ᠎ᠠ ᠳᠤ ᠬᠦᠷᠪᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠦᠢᠯᠡᠴᠢᠯᠡᠭᠡ ᠶᠢ 2.9 ᠲᠦᠮᠡᠨ | ᠬᠥᠮᠥᠨ ᠤᠳᠠᠭ᠎ᠠ ᠬᠠᠩᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠡᠮᠴᠢᠯᠡᠭᠡ ᠶᠢ 11.7 ᠲᠦᠮᠡᠨ ᠬᠥᠮᠥᠨ ᠤᠳᠠᠭ᠎ᠠ | ᠥᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ 32.2% ᠢᠶᠠᠷ ᠨᠡᠮᠡᠭᠳᠡᠪᠡ᠃ ᠭᠤᠷᠪᠠ ᠳᠤ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠤᠯᠤᠰ ᠤᠨ | ᠲᠤᠷᠰᠢᠯᠲᠠ ᠶᠢᠨ ᠴᠡᠭ ᠢ ᠬᠡᠷᠡᠭᠵᠢᠭᠦᠯᠪᠡ᠃ ᠰᠢᠨ᠎ᠡ ᠬᠤᠲᠠ ᠲᠣᠭᠤᠷᠢᠭ ᠤᠨ ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠡᠮ ᠤᠨ ᠰᠤᠳᠤᠯᠤᠯ ᠤᠨ | ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ︾ ᠤᠨ ᠲᠤᠷᠰᠢᠯᠲᠠ ᠶᠢᠨ ᠴᠡᠭ ᠤᠨ ᠠᠵᠢᠯ ᠢᠡᠬᠢᠯᠡᠭᠦᠯᠵᠦ᠂ ᠡᠪᠡᠳᠴᠢᠲᠡᠳ ᠲᠤ ᠥᠪᠡᠷᠮᠢᠴᠡ ᠮᠠᠶ᠋ᠢᠭ ᠤᠨ | ᠡᠮ ᠬᠡᠷᠡᠭᠯᠡᠬᠦ ᠵᠢᠯᠣᠭᠤᠳᠤᠯᠭ᠎ᠠ ᠬᠢᠬᠦ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ᠨᠢᠭᠡᠨᠲᠡ ᠡᠪᠡᠳᠴᠢᠲᠡᠳ ᠲᠤ 8482 ᠬᠥᠮᠥᠨ ᠤᠳᠠᠭ᠎ᠠ ᠦᠢᠯᠡᠴᠢᠯᠡᠵᠦ᠂ | ᠵᠠᠷᠤᠯᠭ᠎ᠠ ᠶᠢᠨ ᠬᠠᠷᠠᠭᠠᠯᠵᠠᠯ ᠨᠢ 12.72 ᠲᠦᠮᠡᠨ ᠲᠥᠭᠦᠷᠢᠭ ᠲᠤ ᠬᠦᠷᠴᠡᠢ᠃ ︵ᠬᠥᠬᠡᠬᠤᠲᠠ ᠶᠢᠨ ᠵᠠᠰᠠᠭ ᠤᠨ ᠣᠷᠳᠣᠨ︶ |