ᠮᠦᠽᠧᠢ ᠶᠢᠨ ᠦᠵᠡᠰᠭᠦᠯᠡᠩ ᠤᠨ ᠴᠤᠭᠯᠠᠭᠠᠨ ᠳᠤ ᠭᠢᠯᠠᠰ ᠴᠡᠭ ᠤᠯᠠᠨ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 23 ᠤ ᠡᠳᠦᠷ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠦᠽᠧᠢ ᠵᠢᠴᠢ ᠬᠠᠮᠢᠶ᠎ᠠ ᠪᠦᠬᠦᠢ ᠦᠢᠯᠡᠳᠬᠦᠨ ᠬᠢᠭᠡᠳ ᠮᠡᠷᠭᠡᠵᠢᠯ  ᠤᠨ ᠦᠵᠡᠰᠭᠦᠯᠡᠩ ᠤᠨ ᠴᠤᠭᠯᠠᠭᠠᠨ ᠭᠦᠭᠡᠬᠤᠲᠠ ᠶᠢᠨ ᠴᠡᠯᠡᠭᠡᠷ ᠲᠠᠯ᠎ᠠ ᠣᠯᠠᠨ ᠤᠯᠤᠰ ᠤᠨ ᠦᠵᠡᠰᠭᠦᠯᠡᠩ ᠤᠨ ᠲᠥᠪ ᠲᠤ ᠡᠬᠢᠯᠡᠪᠡ᠃ ︽ᠮᠦᠽᠧᠢ ᠶᠢᠨ ᠴᠢᠨᠠᠷ ᠰᠠᠶᠢᠲᠠᠢ ᠬᠥᠭᠵᠢᠯᠲᠡ᠄ ᠰᠤᠷᠭᠠᠨ ᠬᠥᠮᠦᠵᠢᠯ ᠪᠠ ᠰᠤᠳᠤᠯᠭᠠᠨ ᠢ ᠵᠡᠷᠭᠡ ᠪᠠᠷ ᠴᠢᠬᠤᠯᠠᠴᠢᠯᠠᠵᠤ ᠲᠣᠭᠠᠴᠢᠯᠠᠭᠰᠠᠨ ᠪᠠ ᠪᠣᠳᠠᠲᠠᠢ ᠶᠢ ᠠᠭᠤᠰᠤᠯᠴᠠᠭᠤᠯᠬᠤ︾ ᠪᠠᠷ ᠭᠤᠣᠯ ᠰᠡᠳᠦᠪ ᠪᠤᠯᠭᠠᠬᠰᠠᠨ ᠲᠤᠰ ᠤᠳᠠᠭᠠᠨ ᠤ ᠦᠵᠡᠰᠭᠦᠯᠡᠩ ᠳᠤ 422 ᠮᠦᠽᠧᠢ ᠪᠣᠯᠣᠨ 155 ᠠᠵᠤ ᠠᠬᠤᠶᠢᠯᠠᠯ ᠣᠷᠣᠯᠴᠠᠨ᠂ ᠦᠵᠡᠰᠭᠦᠯᠡᠩ ᠤᠨ ᠶᠡᠷᠦᠩᠬᠡᠢ ᠲᠠᠯᠠᠪᠠᠢ ᠨᠢ 5 ᠲᠦᠮᠡᠨ ᠲᠡᠭᠰᠢ ᠳᠥᠷᠪᠡᠯᠵᠢᠨ ᠮᠸᠲᠷ ᠢ ᠳᠠᠪᠠᠵᠤ᠂ ᠪᠦᠭᠦ ᠤᠯᠤᠰ ᠤᠨ ᠮᠦᠽᠧᠢ ᠶᠢᠨ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ᠂ ᠪᠦᠭᠦ ᠤᠯᠤᠰ ᠤᠨ ᠰᠣᠶᠣᠯ ᠤᠨ ᠣᠷᠳᠣᠨ ᠮᠦᠽᠧᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ·ᠭᠦᠭᠡᠬᠤᠳᠠ ᠶᠢᠨ ᠰᠣᠶᠣᠯ ᠤᠨ ᠣᠷᠳᠣᠨ ᠮᠦᠽᠧᠢ ᠶᠢᠨ ᠠᠵᠢᠯ ᠦᠢᠯᠡᠰ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠮᠦᠽᠧᠢ ᠶᠢᠨ ᠲᠤᠭᠠᠴᠢᠯᠠᠯᠳᠠ ᠣᠶᠤᠨᠴᠢᠯᠠᠯᠲᠠ ᠶᠢᠨ ᠲᠤᠰᠬᠠᠢ ᠰᠡᠳᠦᠪᠲᠦ ᠦᠵᠡᠭᠦᠯᠭᠡ ᠶᠢᠨ ᠲᠣᠭᠤᠷᠢᠭ᠂ ᠰᠣᠶᠣᠯ ᠤᠨ ᠡᠭᠦᠳᠦᠯᠲᠡ  ᠶᠢᠨ ᠪᠦᠲᠦᠭᠡᠭᠳᠡᠬᠦᠨ ᠵᠢᠴᠢ ᠰᠡᠯᠡᠭᠦᠴᠡᠯ ᠤᠨ ᠲᠣᠭᠤᠷᠢᠭ ᠭᠡᠬᠦ 5 ᠦᠵᠡᠭᠦᠯᠭᠡ ᠶᠢᠨ ᠲᠣᠭᠤᠷᠢᠭ ᠬᠤᠪᠢᠶᠠᠵᠠᠢ᠃      ᠲᠣᠰ ᠬᠤᠭᠤᠴᠠᠭᠠᠨ ᠤ ᠮᠦᠽᠧᠢ ᠶᠢᠨ ᠦᠵᠡᠰᠭᠦᠯᠡᠩ ᠤᠨ ᠴᠤᠭᠯᠠᠭᠠᠨ ᠪᠣᠯ ᠦᠨᠳᠦᠰᠦᠲᠡᠨ ᠤ ᠭᠠᠵᠠᠷ ᠣᠷᠣᠨ ᠳᠤ ᠶᠠᠪᠤᠭᠳᠠᠭᠰᠠᠨ ᠨᠢᠭᠡ ᠤᠳᠠᠭ᠎ᠠ ᠶᠢᠨ ᠰᠣᠶᠣᠯ ᠤᠨ ᠦᠪᠡᠳᠡᠭᠰᠢ ᠳᠠᠶᠢᠯᠠᠯᠭ᠎ᠠ ᠪᠣᠯᠣᠨ᠎ᠠ᠃ ᠦᠵᠡᠰᠭᠦᠯᠡᠩ ᠤᠨ ᠬᠤᠭᠤᠴᠠᠭᠠᠨ ᠳᠤ ᠭᠦᠭᠡᠬᠤᠲᠠ ᠶᠢᠨ ᠠᠷᠠᠳ ᠲᠦᠮᠡᠨ ᠪᠣᠯᠣᠨ ᠵᠣᠨ ᠤ ᠠᠮᠠᠷᠠᠯᠲᠠ ᠪᠠᠷ ᠭᠦᠭᠡᠬᠤᠳᠠ ᠳᠤ ᠢᠷᠡᠵᠤ ᠵᠢᠭᠤᠯᠴᠢᠯᠠᠵᠤ ᠪᠠᠶᠢᠭ᠎ᠠ ᠬᠥᠮᠥᠰ ᠲᠤ ᠣᠯᠠᠨ ᠶᠠᠩᠵᠤ ᠶᠢᠨ ᠰᠣᠶᠣᠯ ᠪᠠ ᠮᠦᠽᠧᠢ ᠶᠢᠨ ᠪᠡᠶᠡᠴᠢᠯᠡᠭᠰᠡᠨ ᠣᠶᠢᠯᠠᠭᠠᠯᠲᠠ ᠬᠠᠩᠭᠠᠭᠰᠠᠨ ᠪᠥᠭᠡᠳ ᠳᠤᠮᠳᠠᠳᠤ ᠤᠯᠤᠰ ᠤᠨ ᠮᠦᠽᠧᠢ ᠶᠢᠨ ᠠᠵᠢᠯ ᠲᠥᠷᠥᠯ ᠤᠨ ᠨᠡᠭᠡᠭᠡᠯᠲᠡᠲᠤ ᠪᠠᠶᠢᠳᠠᠯ᠂ ᠰᠢᠨ᠎ᠡ ᠶᠢ ᠡᠭᠦᠳᠬᠦ ᠴᠢᠳᠠᠪᠤᠷᠢ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠵᠦ᠂ ᠮᠦᠽᠧᠢ ᠶᠢᠨ ᠠᠵᠢᠯᠲᠠᠳ ᠲᠤ ᠠᠭᠤᠯᠭ᠎ᠠ ᠪᠠᠶᠠᠯᠢᠭ᠂ ᠰᠣᠯᠢᠯᠴᠠᠭ᠎ᠠ ᠭᠦᠨᠵᠡᠭᠡᠢ᠂ ᠨᠥᠯᠥᠭᠡ ᠥᠷᠭᠡᠨ ᠲᠤᠰᠬᠠᠢ ᠮᠡᠷᠭᠡᠵᠢᠯ ᠤᠨ ᠲᠠᠪᠴᠠᠩ ᠬᠠᠩᠭᠠᠪᠠ᠃ ᠵᠣᠬᠢᠶᠠᠨ ᠪᠠᠶᠢᠭᠤᠯᠬᠤ ᠺᠣᠮᠢᠰ ᠠᠴᠠ ᠪᠦᠭᠦ ᠤᠯᠤᠰ ᠤᠨ ᠬᠠᠮᠤᠭ ᠤᠨ ᠬᠠᠯᠠᠮᠰᠢᠯ ᠮᠦᠽᠧᠢ ᠶᠢᠨ ᠴᠢᠨᠠᠷ ᠰᠠᠶᠢᠲᠠᠢ ᠲᠣᠭᠠᠴᠢᠯᠠᠭᠰᠠᠨ ᠦᠵᠡᠭᠦᠯᠭᠡ ᠪᠠ ᠣᠶᠤᠨᠴᠢᠯᠠᠭᠰᠠᠨ ᠪᠠᠶᠢᠭᠤᠯᠤᠯᠲᠠ ᠶᠢᠨ ᠵᠢᠱᠢᠶ᠎ᠡ ᠶᠢ ᠰᠢᠯᠢᠨ ᠰᠣᠩᠭᠤᠵᠤ᠂ ᠲᠤᠰᠬᠠᠢ ᠰᠡᠳᠦᠪᠲᠦ ᠦᠵᠡᠭᠦᠯᠭᠡ ᠭᠠᠷᠭᠠᠵᠠᠢ᠃ ᠡᠭᠦᠨ ᠳᠤ ᠨᠠᠨᠵᠢᠩ ᠤᠨ ᠮᠦᠽᠧᠢ ᠶᠢᠨ ︽ᠲᠣᠭᠠᠴᠢᠯᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠸ᠎ᠠ ᠰᠠᠶᠢᠬᠠᠨ︾᠂ ᠳ᠋ᠦᠨᠬᠤᠸᠠᠩ ᠤᠨ ᠮᠦᠽᠧᠢ ᠶᠢᠨ ︽ᠲᠣᠭᠠᠴᠢᠯᠠᠭᠰᠠᠨ ᠳ᠋ᠦᠨᠬᠤᠸᠠᠩ︾᠂ ᠰᠠᠨ ᠰᠢᠩ ᠳ᠋ᠦᠢ ᠮᠦᠽᠧᠢ ᠶᠢᠨ ︽ᠰᠠᠨ ᠰᠢᠩ ᠳ᠋ᠦᠢ ᠶᠢᠨ ᠬᠠᠶᠢᠯᠲᠠ - ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠲᠠ ᠶᠢᠨ ᠲᠠᠯᠠᠪᠠᠶ︾ VR  ᠦᠵᠡᠭᠦᠯᠭᠡ᠂ ᠶᠠᠩᠵᠸᠦ ᠶᠢᠨ ᠳᠤᠮᠳᠠᠳᠤ ᠤᠯᠤᠰ ᠤᠨ ᠶᠡᠭᠡ ᠲᠠᠲᠠᠮᠠᠯ ᠭᠤᠣᠯ ᠤᠨ ᠮᠦᠽᠧᠢ ᠶᠢᠨ ︽ᠲᠠᠲᠠᠮᠠᠯ ᠭᠤᠣᠯ ᠤᠨ ᠣᠩᠭᠤᠴᠠᠨ ᠰᠡᠯᠢᠭᠦᠷ︾ ᠤᠨ ᠲᠤᠭᠠᠴᠢᠯᠠᠯᠳᠠ ᠣᠶᠤᠨᠴᠢᠯᠠᠯᠲᠠ ᠶᠢᠨ ᠦᠵᠡᠭᠦᠯᠭᠡ᠂ ᠵᠧᠵᠢᠶᠠᠩ ᠮᠤᠵᠢ ᠶᠢᠨ ᠮᠦᠽᠧᠢ ᠶᠢᠨ ︽ᠰᠦᠯᠵᠢᠶᠡᠨ ᠳᠠᠬᠢ ᠵᠧᠵᠢᠶᠠᠩ︾ ᠵᠡᠷᠭᠡ ᠪᠤᠢ᠃      ᠮᠦᠽᠧᠢ ᠨᠢ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠪᠣᠯ ᠮᠦᠽᠧᠢ ᠶᠢᠨ ᠰᠤᠷᠭᠠᠨ ᠬᠥᠮᠦᠵᠢᠯ ᠤᠨ ᠡᠭᠦᠷᠭᠡ ᠴᠢᠳᠠᠪᠬᠢ ᠪᠠᠨ ᠪᠠᠳᠠᠷᠠᠭᠤᠯᠬᠤ ᠴᠢᠬᠤᠯᠠ ᠠᠷᠭ᠎ᠠ ᠭᠡᠯᠪᠡᠷᠢ ᠪᠤᠯᠬᠤ ᠶᠤᠮ᠃ ᠲᠣᠰ ᠬᠤᠭᠤᠴᠠᠭᠠᠨ ᠤ ᠮᠦᠽᠧᠢ ᠶᠢᠨ ᠦᠵᠡᠰᠭᠦᠯᠡᠩ  ᠤᠨ ᠴᠤᠭᠯᠠᠭᠠᠨ ᠳᠤ ᠮᠠᠰᠢ ᠣᠯᠠᠨ ᠲᠤᠰᠬᠠᠢ ᠮᠡᠷᠭᠡᠵᠢᠯ ᠤᠨ ᠡᠷᠳᠡᠮ ᠰᠢᠨᠵᠢᠯᠡᠭᠡᠨ ᠤ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ ᠪᠠᠰᠠ ᠮᠠᠰᠢ ᠣᠯᠠᠨ ᠪᠠᠭᠠᠴᠤᠳ ᠬᠡᠦᠬᠡᠳ ᠤᠨ ᠵᠢᠭᠠᠨ ᠰᠤᠳᠤᠯᠬᠤ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ᠂ ᠠᠳᠠᠯᠢ ᠪᠤᠰᠤ ᠨᠠᠰᠤᠨ ᠤ ᠬᠥᠮᠥᠰ ᠲᠤ ᠵᠣᠷᠢᠭᠤᠯᠤᠨ ᠰᠤᠷᠭᠠᠨ ᠬᠥᠮᠦᠵᠢᠯ ᠤᠨ ᠠᠴᠢ ᠬᠤᠯᠪᠣᠭᠳᠠᠯ ᠪᠦᠬᠦᠢ ᠰᠣᠶᠣᠯ ᠤᠨ ᠭᠦᠨᠵᠡᠭᠡᠢ ᠪᠡᠶᠡᠴᠢ ᠣᠶᠢᠯᠠᠭᠠᠯᠲᠠ ᠬᠠᠩᠭᠠᠬᠤ ᠶᠢ ᠵᠣᠷᠢᠵᠠᠢ᠃ ᠡᠭᠦᠨ ᠳᠤ 40 ᠰᠢᠬᠠᠮ ᠮᠦᠽᠧᠢ ᠥᠪᠡᠷ ᠥᠪᠡᠷ ᠤᠨ ᠰᠣᠳᠣᠨ ᠰᠠᠶᠢᠬᠠᠨ ᠵᠢᠭᠠᠨ ᠰᠤᠳᠤᠯᠬᠤ ᠠᠵᠢᠯᠯᠠᠭ᠎ᠠ ᠪᠠ ᠬᠢᠴᠢᠶᠡᠯ ᠢᠶᠠᠨ ᠲᠠᠨᠢᠯᠴᠠᠭᠤᠯᠤᠭᠰᠠᠨ ᠪᠠᠶᠢᠨ᠎ᠠ᠃ ᠵᠢᠱᠢᠶᠡᠯᠡᠪᠡᠯ᠂ ᠬᠠᠭᠠᠨ ᠤ ᠣᠷᠳᠣᠨ ᠤ ᠮᠦᠽᠧᠢ ᠶᠢᠨ ︽ᠪᠣᠯᠣᠷ ᠴᠣᠮᠣ ᠦᠢᠯᠡᠳᠬᠦ︾ ᠠᠵᠢᠯᠯᠠᠭ᠎ᠠ ᠨᠢ ᠬᠠᠭᠠᠨ ᠤ ᠣᠷᠳᠣᠨ ᠤ ᠮᠦᠽᠧᠢ ᠳᠤ ᠬᠠᠳᠠᠭᠠᠯᠠᠵᠤ ᠪᠠᠶᠢᠭ᠎ᠠ ᠲᠡᠭᠷᠢ ᠲᠡᠳᠬᠦᠭᠴᠢ ᠶᠢᠨ ᠪᠣᠯᠣᠷ ᠴᠣᠮᠣ ᠲᠠᠢ ᠤᠶᠠᠯᠳᠤᠭᠤᠯᠤᠨ ᠬᠡᠦᠬᠡᠳ ᠤᠳ ᠲᠤ ᠪᠡᠶᠡᠴᠢᠯᠡᠨ ᠣᠶᠢᠯᠠᠭᠠᠬᠤ ᠭᠤᠭᠴᠤᠭ᠎ᠠ ᠶᠢ ᠲᠤᠭᠢᠷᠠᠭᠤᠯᠪᠠ; ᠱᠠᠨᠰᠢ ᠶᠢᠨ ᠲᠡᠦᠬᠡ ᠶᠢᠨ ᠮᠦᠽᠧᠢ ᠶᠢᠨ ︽ᠲᠠᠩ ᠤᠯᠤᠰ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ︾ ᠤ ᠠᠵᠢᠯᠯᠠᠭ᠎ᠠ ᠨᠢ ᠮᠦᠽᠧᠢ ᠳᠠᠬᠢ ᠲᠠᠩ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠲᠠᠩ ᠤᠯᠤᠰ ᠤᠨ ᠴᠠᠩ ᠠᠨ ᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠭᠠᠵᠠᠷ ᠣᠷᠣᠨ᠂ ᠬᠥᠮᠥᠨ᠂ ᠬᠡᠷᠡᠭ ᠶᠠᠪᠤᠳᠠᠯ ᠲᠠᠢ ᠬᠤᠯᠪᠣᠭᠳᠠᠭᠤᠯᠤᠨ ᠠᠭᠤᠰᠤᠯᠴᠠᠭᠤᠯᠵᠤ᠂ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠨᠢᠭᠡ ᠨᠢᠭᠡ ᠠᠯᠬᠤᠮ ᠢᠶᠠᠷ ᠲᠠᠩ ᠤᠯᠤᠰ ᠤᠨ ᠴᠠᠩ ᠠᠨ ᠢ ᠣᠶᠢᠯᠠᠭᠠᠭᠤᠯᠤᠨ᠂ ᠲᠠᠩ ᠤᠯᠤᠰ ᠤᠨ ᠲᠡᠦᠬᠡ ᠶᠢ ᠰᠤᠷᠤᠯᠴᠠᠭᠤᠯᠪᠠ᠃      ︽ᠪᠢᠳᠡ ᠲᠤᠰ ᠬᠤᠭᠤᠴᠠᠭᠠᠨ ᠤ ᠮᠦᠽᠧᠢ ᠶᠢᠨ ᠦᠵᠡᠰᠭᠦᠯᠡᠩ ᠤᠨ ᠴᠤᠭᠯᠠᠭᠠᠨ ᠢ ᠠᠯᠢ ᠴᠢᠳᠠᠬᠤ ᠪᠠᠷ ᠣᠨᠴᠠᠯᠢᠭ ᠲᠠᠢ ᠡᠷᠭᠢᠯᠡᠵᠤ᠂ ᠣᠷᠣᠯᠴᠠᠭᠴᠢ ᠨᠢᠭᠡ ᠪᠦᠷᠢ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠣᠶᠢᠯᠠᠭᠠᠬᠤ ᠪᠠ ᠪᠡᠶᠡᠴᠢᠯᠡᠨ ᠣᠶᠢᠯᠠᠭᠠᠬᠤ ᠠᠵᠠ ᠲᠣᠭᠢᠶᠠᠯ ᠬᠠᠩᠭᠠᠨ᠂ ᠦᠵᠡᠭᠴᠢᠳ ᠪᠡᠶ᠎ᠡ ᠪᠠᠷ ᠢᠶᠠᠨ ᠣᠷᠣᠯᠴᠠᠵᠤ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠣᠶᠢᠯᠠᠭᠠᠬᠤ ᠶᠢᠨ ᠬᠠᠮᠲᠤ ᠲᠡᠦᠬᠡ ᠶᠢᠨ ᠮᠡᠳᠡᠯᠭᠡ ᠭᠦᠷᠳᠡᠭᠦ ᠶᠢ ᠬᠦᠰᠡᠵᠦ ᠪᠠᠶᠢᠨ᠎ᠠ︾ ᠭᠡᠵᠦ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠢ ᠶᠢᠨ ᠭᠤᠸᠠᠩ ᠬᠡᠯᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ