ᠪᠠᠶᠠᠨᠨᠠᠭᠤᠷ ᠬᠤᠲᠠ ᠤᠷᠠᠨ ᠵᠣᠬᠢᠶᠠᠯ ᠤᠨ ᠬᠦᠴᠦᠨ ᠢᠶᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 14 ᠤ ᠡᠳᠦᠷ᠂ ᠪᠠᠶᠠᠨᠨᠠᠭᠤᠷ ᠬᠤᠲᠠ ᠤᠷᠠᠨ ᠵᠣᠬᠢᠶᠠᠯ ᠤᠨ ᠪᠦᠲᠦᠭᠡᠯ ᠨᠡᠶᠢᠲᠡᠯᠡᠬᠦ ᠬᠤᠷᠠᠯ ᠬᠢᠵᠦ᠂ 2024 ᠣᠨ ᠳᠤ ᠬᠡᠪᠯᠡᠭᠦᠯᠦᠭᠰᠡᠨ 6 ᠤᠷᠠᠨ ᠵᠣᠬᠢᠶᠠᠯ ᠤᠨ ᠪᠦᠲᠦᠭᠡᠯ ᠢ ᠨᠡᠶᠢᠲᠡᠯᠡᠵᠦ᠂ ᠤᠷᠠᠨ ᠵᠣᠬᠢᠶᠠᠯ ᠤᠨ ᠬᠦᠴᠦᠨ ᠢᠶᠠᠷ ᠪᠠᠶᠠᠨᠨᠠᠭᠤᠷ ᠤᠨ ᠵᠣᠷᠢᠭ ᠰᠠᠨᠠᠭ᠎ᠠ ᠶᠢ ᠨᠢᠭᠲᠠᠷᠠᠭᠤᠯᠵᠤ ᠤᠯᠠᠮᠵᠢᠯᠠᠨ ᠪᠠᠳᠠᠷᠠᠭᠤᠯᠵᠤ᠂ ᠪᠣᠷᠣᠳᠣᠬᠤᠢ ᠶᠢᠨ ᠰᠣᠶᠣᠯ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ  ᠠᠬᠢᠭᠤᠯᠬᠤ ᠶᠢ ᠵᠣᠷᠢᠪᠠ᠃      ᠲᠤᠰ ᠤᠳᠠᠭᠠᠨ ᠤ ᠨᠡᠶᠢᠲᠡᠯᠡᠭᠰᠡᠨ ᠤᠷᠠᠨ ᠵᠣᠬᠢᠶᠠᠯ ᠤᠨ ᠪᠦᠲᠦᠭᠡᠯ ᠳᠤ ᠰᠢᠯᠦᠭ ᠤᠨ ᠲᠡᠭᠦᠪᠦᠷᠢ ︽ᠰᠢᠯᠦᠭ ᠤᠨ ᠰᠠᠨᠠᠭ᠎ᠠ ᠠᠬᠤᠢ ᠶᠢᠨ ᠴᠤᠭᠯᠠᠷᠠᠯ︾᠂ ︽ᠠᠭᠤᠯᠠ ᠪᠠᠷ ᠪᠦᠰᠡᠯᠡᠭᠳᠡᠭᠰᠡᠨ ᠨᠢ︾᠂ ᠨᠠᠶᠢᠷᠠᠭᠤᠯᠤᠯ ᠤᠨ ᠲᠡᠭᠦᠪᠦᠷᠢ︽ᠪᠣᠷᠣᠳᠣᠬᠤᠢ ᠶᠢᠨ ᠳᠥᠷᠪᠡᠨ ᠤᠯᠠᠷᠢᠯ︾᠂ ᠪᠠᠷᠢᠮᠲᠠᠲᠤ ᠤᠷᠠᠨ ᠵᠣᠬᠢᠶᠠᠯ ︽ᠭᠠᠷᠠᠭ ᠤᠨ ᠰᠡᠭᠦᠯᠴᠢ ᠶᠢᠨ ᠡᠵᠢ︾᠂ ᠮᠡᠳᠡᠭᠡᠯᠡᠯ ᠤᠨ ᠤᠷᠠᠨ ᠵᠣᠬᠢᠶᠠᠯ ︽ᠬᠦᠰᠡᠯ ᠮᠠᠨᠠᠭᠰᠠᠨ ᠬᠥᠮᠥᠨ︾᠂ ᠪᠠᠷᠢᠮᠲᠠᠲᠤ ᠷᠣᠮᠠᠨ ︽ᠪᠢᠲᠡᠭᠦᠦ ᠮᠡᠭᠡ︾ ᠵᠡᠷᠭᠡ ᠪᠠᠭᠲᠠᠨ᠎ᠠ᠃ ᠨᠡᠶᠢᠲᠡᠯᠡᠬᠦ ᠬᠤᠷᠠᠯ ᠳᠡᠭᠡᠷ᠎ᠡ ᠪᠦᠲᠦᠭᠡᠯ ᠪᠦᠷᠢ ᠶᠢᠨ ᠭᠤᠣᠯᠯᠠᠨ ᠨᠠᠶᠢᠷᠠᠭᠤᠯᠤᠭᠴᠢ ᠪᠤᠶᠤ ᠵᠣᠬᠢᠶᠠᠭᠴᠢ ᠠᠴᠠ ᠨᠣᠮ ᠪᠢᠴᠢᠭ ᠤᠨ ᠵᠣᠬᠢᠶᠠᠨ ᠪᠦᠲᠦᠭᠡᠯᠭᠡ ᠵᠢᠴᠢ ᠬᠡᠪᠯᠡᠯ ᠤᠨ ᠪᠠᠶᠢᠳᠠᠯ ᠢ ᠲᠤᠰ ᠲᠤᠰ ᠲᠠᠨᠢᠯᠴᠠᠭᠤᠯᠤᠭᠰᠠᠨ ᠤ ᠬᠠᠮᠲᠤ ᠲᠤᠰᠬᠠᠢ ᠮᠡᠷᠭᠡᠵᠢᠯ ᠤᠨ ᠦᠨᠡᠯᠡᠭᠴᠢ ᠤᠷᠢᠭᠠᠳ᠂ ᠠᠳᠠᠯᠢ ᠪᠤᠰᠤ ᠬᠠᠷᠠᠭᠠᠰᠤ ᠠᠴᠠ ᠪᠦᠲᠦᠭᠡᠯ ᠤᠨ ᠠᠭᠤᠯᠭ᠎ᠠ᠂ ᠤᠷᠠᠯᠢᠭ ᠤᠨ ᠣᠨᠴᠠᠯᠢᠭ᠂ ᠵᠣᠬᠢᠶᠠᠨ ᠪᠦᠲᠦᠭᠡᠬᠦ ᠠᠷᠭ᠎ᠠ ᠪᠠᠷᠢᠯ ᠵᠢᠴᠢ ᠪᠣᠳᠠᠲᠤ ᠠᠴᠢ ᠬᠤᠯᠪᠣᠭᠳᠠᠯ ᠵᠡᠷᠭᠡ ᠲᠠᠯ᠎ᠠ ᠪᠠᠷ ᠰᠣᠯᠢᠯᠴᠠᠭ᠎ᠠ ᠪᠠ ᠦᠨᠡᠯᠡᠯᠲᠡ ᠬᠢᠭᠰᠡᠨ ᠪᠠᠶᠢᠨ᠎ᠠ᠃      ᠪᠠᠶᠠᠨᠨᠠᠭᠤᠷ ᠬᠤᠲᠠ ᠤᠳᠬ᠎ᠠ ᠤᠷᠠᠯᠢᠭ ᠤᠨ ᠬᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠤᠤᠷᠢᠶᠠᠲᠤᠭᠤᠯᠬᠤ ᠪᠠᠷ ᠭᠤᠣᠯᠯᠠᠵᠤ᠂ ᠪᠣᠷᠣᠳᠣᠬᠤᠢ ᠶᠢᠨ ᠰᠣᠶᠣᠯ ᠤᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠢ ᠢᠳᠡᠪᠬᠢᠲᠡᠢ ᠠᠬᠢᠭᠤᠯᠵᠤ᠂ ᠬᠤᠲᠠ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠤᠰᠬᠠᠢ ᠪᠡᠯᠡ ᠮᠥᠩᠭᠦ ᠭᠠᠷᠭᠠᠵᠤ᠂ ᠪᠦᠭᠦ ᠬᠤᠲᠠ ᠶᠢᠨ ᠤᠳᠬ᠎ᠠ ᠤᠷᠠᠯᠢᠭ ᠤᠨ ᠬᠢᠨ ᠤ ᠠᠵᠢᠯᠲᠠᠳ ᠢ ᠬᠥᠲᠥᠯᠥᠨ ᠵᠢᠯᠤᠭᠤᠳᠴᠤ᠂ ᠲᠡᠦᠬᠡ᠂ ᠠᠷᠠᠳ ᠤᠨ ᠠᠮᠢᠳᠤᠷᠠᠯ᠂ ᠴᠠᠭ ᠦᠶ᠎ᠡ ᠶᠢᠨ ᠭᠤᠣᠯ ᠰᠡᠳᠦᠪ ᠤᠨ ᠲᠣᠭᠤᠷᠢᠨ ᠳᠤ ᠵᠣᠬᠢᠶᠠᠨ ᠪᠦᠲᠦᠭᠡᠬᠦ ᠶᠢ ᠵᠣᠷᠢᠭᠵᠢᠭᠤᠯᠵᠤ᠂ ᠪᠦᠭᠦ ᠬᠤᠲᠠ ᠶᠢᠨ ᠤᠳᠬ᠎ᠠ ᠤᠷᠠᠯᠢᠭ ᠤᠨ ᠠᠵᠢᠯᠲᠠᠨ ᠤ ᠵᠣᠬᠢᠶᠠᠨ ᠪᠦᠲᠦᠭᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠡᠶᠢᠭᠡᠮ ᠳᠡᠭᠡᠷ᠎ᠡ ᠰᠠᠶᠢᠨ ᠰᠠᠶᠢᠬᠠᠨ ᠲᠤᠰᠬᠠᠯ  ᠭᠠᠷᠭᠠᠵᠠᠢ᠃ ᠰᠡᠭᠦᠯ ᠤᠨ ᠵᠢᠯ ᠤᠳ ᠲᠤ ᠨᠡᠶᠢᠲᠡ 42 ᠤᠷᠠᠨ ᠵᠣᠬᠢᠶᠠᠯ ᠤᠨ ᠪᠦᠲᠦᠭᠡᠯ ᠬᠡᠪᠯᠡᠭᠦᠯᠵᠦ᠂ ︽ᠰᠢᠯᠦᠭ ᠤᠨ ᠰᠡᠳᠬᠦᠯ︾᠂ ︽ᠣᠳᠣᠳ︾᠂ ︽ᠵᠠᠯᠠᠭᠤᠴᠤᠳ ᠤᠨ ᠤᠷᠠᠨ ᠵᠣᠬᠢᠶᠠᠯ︾᠂ ︽ᠪᠡᠭᠡᠵᠢᠩ ᠤᠨ ᠤᠷᠠᠨ ᠵᠣᠬᠢᠶᠠᠯ︾᠂ ︽ᠱᠠᠩᠬᠠᠢ ᠶᠢᠨ ᠤᠷᠠᠨ ᠵᠣᠬᠢᠶᠠᠯ︾ ᠵᠡᠷᠭᠡ ᠡᠯ᠎ᠡ ᠲᠥᠷᠥᠯ ᠤᠨ ᠮᠤᠵᠢ ᠶᠢᠨ ᠱᠠᠲᠤᠨ ᠠᠴᠠ ᠳᠡᠭᠡᠭᠰᠢᠬᠢ ᠰᠣᠨᠢᠨ ᠰᠡᠳᠬᠦᠯ ᠳᠤ ᠣᠯᠠᠨ ᠵᠣᠬᠢᠶᠠᠯ ᠪᠦᠲᠦᠭᠡᠯ ᠨᠡᠶᠢᠲᠡᠯᠡᠵᠡᠢ᠃ ᠡᠨᠡ ᠵᠢᠯ ᠲᠤᠰ ᠬᠤᠲᠠ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠳᠤᠮᠳᠠᠳᠤ ᠤᠯᠤᠰ ᠤᠨ ᠵᠣᠬᠢᠶᠠᠯᠴᠢ ᠶᠢᠨ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾ ᠰᠢᠨ᠎ᠡ ᠴᠠᠭ ᠦᠶ᠎ᠡ ᠶᠢᠨ ᠤᠷᠠᠨ ᠵᠣᠬᠢᠶᠠᠯ ᠤᠨ ᠦᠢᠯᠡᠳᠦᠯᠭᠡ ᠶᠢᠨ ᠴᠡᠭ ᠤᠨ ᠨᠢᠭᠡ ᠪᠣᠯᠤᠭᠰᠠᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ