ᠫᠠᠨ ᠶᠤᠸᠠᠢ ᠮᠠᠨ ᠤ ᠣᠷᠣᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/8/29
      8 ᠰᠠᠷ᠎ᠠ ᠶᠢᠨ 27 ᠠᠴᠠ 28 ᠤ ᠡᠳᠦᠷ ᠪᠤᠯᠲᠠᠯ᠎ᠠ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠫᠠᠨ ᠶᠤᠸᠠᠢ ᠤᠯᠠᠭᠠᠨᠬᠠᠳᠠ ᠬᠤᠳᠠ ᠪᠣᠯᠣᠨ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠰᠢᠶᠠᠨ ᠪᠤᠯᠬᠤ ᠪᠠᠭᠠᠷᠢᠨ ᠪᠠᠷᠠᠭᠤᠨ ᠬᠤᠰᠢᠭᠤᠨ ᠳᠤ ᠬᠦᠷᠴᠦ ᠦᠨᠳᠦᠰᠦᠲᠡᠨ ᠤ ᠠᠵᠢᠯ ᠪᠣᠯᠣᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠷ᠎ᠠ ᠪᠣᠯᠵᠤ ᠪᠠᠶᠢᠴᠠᠭᠠᠨ ᠰᠤᠳᠤᠯᠵᠠᠢ᠃      ᠫᠠᠨ ᠶᠤᠸᠠᠢ ᠨᠠᠷ ᠤᠷᠢᠳ ᠬᠤᠵᠢᠳ ᠪᠠᠭᠠᠷᠢᠨ ᠪᠠᠷᠠᠭᠤᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠭᠤᠣᠯ ᠣᠷᠳᠣᠨ᠂ ᠭᠡᠰᠡᠷ ᠤᠨ ᠤᠯᠠᠮᠵᠢᠯᠠᠨ ᠰᠤᠷᠤᠯᠴᠠᠬᠤ ᠭᠠᠵᠠᠷ᠂ ᠤᠯᠠᠭᠠᠨᠬᠠᠳᠠ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠵᠡᠷᠭᠡ ᠳᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠢ ᠪᠣᠯᠭᠤᠭᠠᠨ ᠲᠣᠬᠤᠨᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠭᠦᠨᠵᠡᠭᠡᠢ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ ᠡᠨᠡ ᠬᠤᠭᠤᠴᠠᠭᠠᠨ ᠳᠤ᠂ ᠪᠠᠰᠠ ᠲᠤᠰᠬᠠᠶᠢᠯᠠᠨ ᠤᠯᠠᠭᠠᠨᠬᠠᠳᠠ ᠮᠦᠽᠧᠢ᠂ ᠯᠢᠶᠣᠤ ᠤᠯᠤᠰ ᠤᠨ ᠲᠡᠦᠬᠡ ᠰᠣᠶᠣᠯ ᠤᠨ ᠮᠦᠽᠧᠢ ᠳᠤ ᠬᠦᠷᠴᠦ ︽ᠰᠣᠶᠣᠯ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ︾ ᠠᠵᠢᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠪᠡ᠃      ᠫᠠᠨ ᠶᠤᠸᠠᠢ ᠤᠯᠠᠭᠠᠨᠬᠠᠳᠠ ᠬᠤᠲᠠ ᠶᠢᠨ ᠦᠨᠳᠦᠰᠦᠲᠡᠨ ᠤ ᠠᠵᠢᠯ ᠪᠠ ᠪᠠᠭᠠᠷᠢᠨ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠡᠯ᠎ᠡ ᠵᠦᠢᠯ ᠤᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢ ᠣᠯᠭᠤᠬᠤ ᠪᠠᠷ ᠢᠯᠡ ᠲᠣᠳᠣ ᠤᠳᠤᠷᠢᠳᠤᠮᠵᠢ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠳ᠋ ᠪᠣᠳᠠᠰ ᠡᠯᠪᠡᠭ ᠳᠡᠯᠪᠡᠭ ᠪᠠ ᠤᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠲᠠᠢ ᠪᠠᠶᠢᠬᠤ ᠶᠢ ᠬᠠᠷᠢᠯᠴᠠᠨ ᠵᠣᠬᠢᠴᠠᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠠᠮᠢᠳᠤᠯᠢᠭ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠲᠠᠰᠤᠷᠠᠯᠳᠠ ᠦᠭᠡᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠦᠨᠳᠦᠰᠦᠨ ᠴᠢᠭᠯᠡᠯ ᠪᠤᠯᠭᠠᠵᠤ᠂ ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃      ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠬᠠᠮᠲᠤ ᠶᠢᠨ ᠬᠥᠭᠵᠢᠯᠲᠡ ᠶᠢᠨ ᠵᠤᠷᠭᠠᠨ᠂ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ᠂ ᠦᠨᠳᠦᠰᠦᠲᠡᠨ ᠤ ᠰᠣᠶᠣᠯ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠵᠢᠴᠢ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ