8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ | ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠳᠠᠬᠢ ᠬᠥᠬᠡᠬᠤᠲᠠ᠂ ᠪᠤᠭᠤᠲᠤ᠂ ᠬᠥᠯᠥᠨ ᠪᠤᠶᠢᠷ᠂ ᠲᠦᠩᠯᠢᠶᠣᠣ᠂ ᠤᠯᠠᠭᠠᠨᠬᠠᠳᠠ᠂ ᠤᠯᠠᠭᠠᠨᠴᠠᠪ᠂ ᠣᠷᠳᠣᠰ᠂ | ᠪᠠᠶᠠᠨᠨᠠᠭᠤᠷ᠂ ᠠᠯᠠᠱᠠ ᠵᠡᠷᠭᠡ 9 ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠢᠶᠠᠷ ᠬᠤᠪᠢ ᠬᠥᠮᠥᠨ ᠤ | ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠲᠠᠢ ᠪᠣᠯᠪᠠ᠃ | 2023 ᠣᠨ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ | ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 50 ᠭᠠᠷᠤᠢ ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ | ᠳᠠᠪᠲᠠᠮᠵᠢ ᠲᠠᠢ ᠠᠵᠢᠯ ᠶᠠᠪᠤᠳᠠᠯ ᠳᠤ ᠲᠣᠭᠠᠴᠠᠭᠳᠠᠪᠠ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ ᠠᠵᠢᠯ ᠶᠠᠪᠤᠳᠠᠯ ᠢ ᠨᠢ ᠭᠦᠢᠴᠡᠳᠬᠡᠬᠦ︾᠂ ᠦᠨᠳᠦᠰᠦᠨ | ᠱᠠᠲᠤᠨ ᠤ ᠠᠷᠠᠳ ᠤᠨ ᠴᠠᠭᠳᠠᠭ᠎ᠠ ᠨᠠᠷ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠣᠨᠣᠯᠵᠢᠬᠤᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠬᠤᠯᠪᠣᠭᠳᠠᠯ ᠪᠦᠬᠦᠢ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ︽ᠢᠨᠲ᠋ᠧᠷ ᠰᠦᠯᠵᠢᠶ᠎ᠡ + | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠲᠦᠰᠢᠭᠯᠡᠨ᠂ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ | ᠭᠠᠷᠭᠠᠬᠤ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠶᠢ ᠨᠡᠭᠡᠭᠡᠨ ᠠᠵᠢᠯᠯᠠᠭᠤᠯᠵᠤ᠂ ᠠᠶᠢᠮᠠᠭ | ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ | ᠡᠬᠢᠯᠡᠪᠡ᠃ ᠡᠨᠡ ᠬᠦ ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠠᠴᠠ ᠨᠠᠭᠠᠰᠢ᠂ ᠣᠯᠠᠨ ᠲᠦᠮᠡᠨ ᠨᠠᠭᠠᠰᠢ ᠴᠠᠭᠠᠰᠢ ᠭᠦᠶᠦᠬᠦ ᠴᠢᠬᠤᠯᠠ ᠦᠭᠡᠢ ᠪᠣᠯᠵᠤ᠂ | ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠦᠨᠡᠨ ᠨᠡᠷ᠎ᠡ ᠪᠠᠨ ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ | ᠮᠡᠳᠡᠭᠡ ᠵᠠᠩᠭᠢ ᠪᠠᠨ ᠠᠦ᠋ᠲ᠋ᠣ᠋ ᠪᠠᠷ ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳ ᠤᠨ ᠴᠠᠭᠳᠠᠭ᠎ᠠ ᠭᠤᠶᠤᠴᠢᠯᠠᠭᠰᠠᠨ ᠵᠦᠢᠯ ᠢ | ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ ᠥᠭᠭᠦᠭᠰᠡᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠡᠯᠧᠺᠲᠷᠣᠨ ᠬᠡᠪᠯᠡᠯ ᠢ ᠲᠠᠪᠴᠠᠩ ᠤᠨ ᠬᠤᠪᠢ ᠬᠥᠮᠥᠨ ᠤ | ᠲᠥᠪ ᠠᠴᠠ ᠬᠠᠶᠢᠨ ᠦᠵᠡᠵᠦ ᠪᠣᠯᠣᠨ᠎ᠠ᠂ ᠲᠡᠷᠡᠴᠢᠯᠡᠨ ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ ᠰᠢᠷᠪᠢᠬᠦ᠂ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ | ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠳᠡᠮᠵᠢᠨ᠎ᠡ᠃ | ᠣᠲᠣ ᠪᠣᠯᠲᠠᠯ᠎ᠠ᠂ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ | ᠲᠤᠬᠠᠶᠢᠯᠠᠭᠰᠠᠨ ᠠᠵᠢᠯ ᠤᠨ ᠴᠢᠳᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠶᠢᠲᠡ 17.3 ᠲᠦᠮᠡ ᠭᠠᠷᠤᠢ ᠬᠤᠪᠢ ᠭᠡᠷᠡᠴᠢ ᠭᠠᠷᠭᠠᠵᠤ ᠥᠭᠪᠡ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠬᠤᠪᠢ ᠬᠥᠮᠥᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ ᠣᠷᠣᠨ ᠤ ᠰᠦᠯᠵᠢᠶᠡᠨ ᠳᠡᠭᠡᠷ᠎ᠡ ᠵᠢᠩᠬᠢᠨᠢ ᠪᠠᠷ | ᠠᠵᠢᠯᠯᠠᠭᠤᠯᠬᠤ ᠪᠠᠷ ᠵᠢᠱᠢᠵᠦ ᠪᠠᠶᠢᠨ᠎ᠠ᠃ | | | | |