ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ ᠱᠠᠯᠢᠸᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠶᠡᠷᠦᠩᠬᠡᠶᠢᠯᠡᠭᠴᠢ ᠶᠢᠨ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠤᠰᠠᠯᠠᠭᠴᠢ ᠱᠠᠯᠢᠸᠧᠨ ᠲᠠᠢ ᠠᠭᠤᠯᠵᠠᠪᠠ᠃      ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠡᠯ᠎ᠡ ᠤᠯᠤᠰ ᠪᠦᠯᠬᠦᠮᠳᠡᠨ ᠬᠠᠮᠵᠢᠯᠴᠠᠬᠤ ᠬᠡᠷᠡᠭᠲᠡᠢ ᠠᠴᠠ ᠪᠢᠰᠢ ᠬᠠᠷᠢᠨ ᠬᠠᠭᠠᠴᠠᠨ ᠡᠰᠡᠷᠭᠦᠴᠡᠯᠳᠦᠬᠦ ᠪᠢᠰᠢ᠃ ᠠᠷᠠᠳ ᠲᠦᠮᠡᠨ ᠨᠡᠭᠡᠭᠡᠯᠲᠡ ᠬᠢᠵᠦ ᠳᠠᠪᠰᠢᠬᠤ ᠶᠢ ᠬᠦᠰᠡᠳᠡᠭ ᠠᠴᠠ ᠪᠢᠰᠢ ᠬᠠᠷᠢᠨ ᠲᠦᠭᠵᠢᠵᠦ ᠤᠬᠤᠷᠢᠬᠤ ᠪᠢᠰᠢ᠃ ᠳᠤᠮᠳᠠᠳᠤ ᠠᠮᠧᠷᠢᠺᠠ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠵᠤ᠂ ᠳᠡᠯᠡᠬᠡᠢ ᠶᠢᠨ ᠡᠩᠬᠡ ᠲᠠᠶᠢᠪᠤᠩ ᠤᠨ ᠲᠣᠭᠲᠠᠭᠤᠨ ᠤ ᠡᠬᠢ ᠰᠤᠷᠪᠤᠯᠵᠢ ᠪᠠ ᠬᠠᠮᠲᠤ ᠶᠢᠨ ᠬᠥᠭᠵᠢᠯᠲᠡ ᠶᠢᠨ ᠠᠬᠢᠭᠤᠯᠤᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠶᠡᠭᠡ ᠤᠯᠤᠰ ᠬᠠᠷᠢᠯᠴᠠᠵᠤ ᠶᠠᠪᠤᠯᠴᠠᠬᠤ ᠳᠤ᠂ ᠡᠩ ᠲᠡᠷᠢᠭᠦᠨ ᠳᠤ ᠵᠥᠪ ᠣᠨᠣᠪᠴᠢᠲᠠᠢ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢ ᠪᠤᠢ ᠪᠤᠯᠭᠠᠬᠤ ᠬᠡᠷᠡᠭᠲᠡᠢ᠂ ᠶᠠᠭᠤᠨ ᠤ ᠡᠮᠦᠨ᠎ᠡ ᠳᠤᠮᠳᠠᠳᠤ ᠠᠮᠧᠷᠢᠺᠠ ᠴᠣᠬᠤᠮ ᠥᠷᠢᠰᠦᠯᠳᠦᠭᠴᠢ ᠶᠤᠮ ᠦᠦ ᠬᠠᠨᠢᠲᠠᠨ ᠶᠤᠮ ᠦᠦ ᠭᠡᠬᠦ ᠡᠨᠡ ᠬᠦ ᠪᠦᠭᠦ ᠲᠠᠯ᠎ᠠ ᠪᠠᠷ ᠬᠠᠮᠢᠶᠠᠷᠬᠤ ᠠᠰᠠᠭᠤᠳᠠᠯ ᠢ ᠰᠠᠶᠢᠲᠤᠷ ᠬᠠᠷᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠭᠠᠳᠠᠭᠠᠳᠤ ᠲᠥᠷᠥ ᠶᠢᠨ ᠪᠣᠳᠣᠯᠭ᠎ᠠ ᠢᠯᠡ ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ ᠪᠠᠶᠢᠨ᠎ᠠ᠃ ᠪᠢᠳᠡ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ ᠬᠥᠭᠵᠢᠭᠦᠯᠪᠡ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠶᠢᠨ ᠵᠡᠷᠭᠡ ᠪᠠᠷ ᠳᠤᠷᠠᠲᠠᠶ᠎ᠠ ᠪᠤᠰᠤᠳ ᠤᠯᠤᠰ ᠯᠤᠭ᠎ᠠ ᠬᠠᠮᠲᠤ ᠪᠠᠷ ᠬᠥᠭᠵᠢᠵᠦ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠠᠮᠧᠷᠢᠺᠠ ᠳᠠᠬᠢ ᠲᠦᠷᠦ ᠶᠢᠨ ᠪᠣᠳᠣᠯᠭ᠎ᠠ ᠳᠡᠭᠡᠳᠦ ᠬᠡᠮᠵᠢᠶᠡᠨ ᠤ ᠬᠤᠯᠪᠤᠯᠳᠠᠯᠳᠤ ᠴᠢᠨᠠᠷ ᠢᠶᠠᠨ ᠪᠠᠲᠤᠯᠠᠵᠤ ᠪᠠᠶᠢᠨ᠎ᠠ᠃ ᠬᠡᠳᠦᠶᠢᠪᠡᠷ ᠳᠤᠮᠳᠠᠳᠤ ᠠᠮᠧᠷᠢᠺᠠ ᠬᠤᠶᠠᠷ ᠤᠯᠤᠰ ᠤᠨ ᠲᠤᠰ ᠲᠤᠰ ᠤᠨ ᠪᠠᠶᠢᠳᠠᠯ ᠪᠣᠯᠣᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠴᠥᠮ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠤᠯᠤᠰ ᠤᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢᠨ ᠲᠥᠯᠥᠭᠡ ᠬᠦᠴᠦᠯᠡᠬᠦ ᠬᠠᠷᠠᠯᠲᠠ ᠬᠤᠪᠢᠷᠠᠭ᠎ᠠ ᠦᠭᠡᠢ᠂ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠢᠢᠳᠪᠦᠷᠢᠯᠡᠬᠦ ᠵᠠᠷᠴᠢᠮ ᠬᠤᠪᠢᠷᠠᠭ᠎ᠠ ᠦᠭᠡᠢ᠂ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠬᠤ ᠵᠣᠭᠰᠣᠯᠲᠠ ᠬᠤᠪᠢᠷᠠᠭ᠎ᠠ ᠦᠭᠡᠢ᠂ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠬᠦ ᠴᠢᠷᠮᠠᠶᠢᠯᠭ᠎ᠠ ᠬᠤᠪᠢᠷᠠᠭ᠎ᠠ ᠦᠭᠡᠢ ᠶᠤᠮ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠢᠳᠡᠪᠬᠢᠲᠡᠢ ᠪᠥᠭᠡᠳ ᠣᠶᠤᠨᠴᠢ ᠣᠪᠣᠷ ᠢᠶᠠᠷ ᠳᠤᠮᠳᠠᠳᠤ ᠤᠯᠤᠰ ᠪᠣᠯᠣᠨ ᠳᠤᠮᠳᠠᠳᠤ ᠤᠯᠤᠰ ᠤᠨ ᠬᠥᠭᠵᠢᠯᠲᠡ ᠳᠤ ᠬᠠᠨᠳᠤᠵᠤ᠂ ᠲᠤᠰ ᠲᠤᠰ ᠤᠨ ᠢᠶᠠᠨ ᠬᠥᠭᠵᠢᠯᠲᠡ ᠶᠢ ᠠᠵᠠ ᠲᠣᠭᠢᠶᠠᠯ ᠢᠶᠠᠷ ᠦᠵᠡᠬᠦ ᠠᠴᠠ ᠪᠢᠰᠢ ᠬᠠᠷᠢᠨ ᠥᠷᠢᠰᠦᠯᠳᠦᠭᠡᠨ ᠢᠶᠠᠷ ᠦᠵᠡᠬᠦ ᠦᠭᠡᠢ ᠪᠠᠶᠢᠵᠤ᠂ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠠᠮᠧᠷᠢᠺᠠ  ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠢᠶᠠᠷ ᠶᠠᠪᠤᠵᠤ ᠪᠠᠶᠢᠭ᠎ᠠ ᠬᠤᠶᠠᠷ ᠤᠯᠤᠰ ᠳᠡᠯᠡᠬᠡᠢ ᠶᠢᠨ ᠪᠥᠮᠪᠥᠷᠴᠡᠭ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤ ᠪᠠᠷ ᠬᠥᠭᠵᠢᠬᠦ ᠵᠥᠪ ᠣᠨᠣᠪᠴᠢᠲᠠᠢ ᠬᠠᠷᠢᠯᠴᠠᠬᠤ ᠵᠠᠮ ᠢ ᠡᠷᠢᠵᠦ ᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠢ ᠪᠠᠲᠤᠯᠠᠬᠤ ᠶᠢ ᠠᠬᠢᠭᠤᠯᠵᠤ᠂ ᠡᠨᠡ ᠬᠦ ᠰᠠᠭᠤᠷᠢᠨ ᠳᠡᠭᠡᠷ᠎ᠡ᠂ ᠰᠠᠶᠢᠵᠢᠷᠠᠵᠤ᠂ ᠤᠷᠤᠭᠰᠢ ᠠᠭᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠱᠠᠯᠢᠸᠧᠨ ᠶᠡᠷᠦᠩᠬᠡᠶᠢᠯᠡᠭᠴᠢ ᠪᠠᠶᠢᠳᠧᠨ ᠤ ᠲᠡᠷᠢᠭᠦᠯᠡᠭᠴᠢ ᠰᠢ ᠶᠢᠨ ᠫᠢᠩ ᠳᠤ ᠳᠡᠪᠰᠢᠭᠦᠯᠦᠭᠰᠡᠨ ᠮᠡᠨᠳᠦᠴᠢᠯᠡᠯ ᠢ ᠳᠠᠮᠵᠢᠭᠤᠯᠵᠤ᠂ ᠲᠡᠷᠢᠭᠦᠯᠡᠭᠴᠢ ᠰᠢ ᠶᠢᠨ ᠫᠢᠩ ᠤᠨ ᠲᠤᠶᠢᠯ ᠤᠨ ᠶᠠᠭᠠᠷᠠᠤ ᠪᠠᠶᠢᠲᠠᠯ᠎ᠠ ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠵᠤ᠂ ᠠᠮᠧᠷᠢᠺᠠ ᠳᠤᠮᠳᠠᠳᠤ ᠶᠢᠨ ᠲᠡᠷᠢᠭᠦᠨ ᠰᠠᠨ ᠹᠷᠠᠨᠰᠢᠰᠺᠤ ᠳᠤ ᠠᠭᠤᠯᠵᠠᠯᠲᠠ ᠬᠢᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠲᠡᠷᠢᠭᠦᠨ ᠤ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠠᠬᠢᠴᠠ ᠲᠠᠢ ᠪᠣᠯᠪᠠ᠃ ᠪᠢ ᠡᠨᠡ ᠤᠳᠠᠭ᠎ᠠ ᠳᠤᠮᠳᠠᠳᠤ ᠤᠯᠤᠰ ᠲᠤ ᠢᠷᠡᠵᠦ ᠸᠠᠩ ᠢ ᠡᠷᠭᠢᠯᠡᠭᠴᠢ ᠲᠠᠢ ᠬᠢᠭᠰᠡᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠭᠦᠨᠵᠡᠭᠡᠢ ᠪᠥᠭᠡᠳ ᠦᠨᠡᠨᠴᠢ᠂ ᠪᠣᠳᠠᠲᠤ ᠴᠢᠨᠠᠷ ᠪᠠ ᠪᠦᠲᠦᠭᠡᠯᠴᠢ ᠴᠢᠨᠠᠷ ᠲᠠᠢ ᠶᠤᠮ᠃  ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠬᠢᠬᠦ ᠶᠢ ᠤᠷᠤᠯᠳᠤᠬᠤ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠰᠢᠰᠲ᠋ᠧᠮ ᠢ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ  ᠦᠭᠡᠢ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠶᠢ ᠵᠥᠪᠰᠢᠶᠡᠷᠡᠬᠦ ᠦᠭᠡᠢ ᠭᠡᠵᠦ ᠪᠢ ᠳᠤᠷᠠᠲᠠᠶ᠎ᠠ ᠳᠠᠪᠲᠠᠨ ᠢᠯᠡᠷᠬᠡᠶᠢᠯᠡᠶ᠎ᠡ᠃ ᠠᠮᠧᠷᠢᠺᠠ ᠶᠢᠨ ᠲᠠᠯ᠎ᠠ ᠶᠢᠨ ᠬᠢᠨ ᠤ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠬᠤᠪᠢᠷᠠᠭᠰᠠᠨ ᠦᠭᠡᠢ᠂ ᠲᠠᠶᠢᠸᠠᠨ ᠢ ᠳᠤᠮᠳᠠᠳᠤ ᠤᠯᠤᠰ ᠢ ᠡᠷᠬᠡᠰᠢᠶᠡᠬᠦ ᠪᠠᠭᠠᠵᠢ ᠪᠤᠯᠭᠠᠬᠤ ᠰᠠᠨᠠᠭ᠎ᠠ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠦᠷᠭᠦᠯᠵᠢᠯᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ᠂ ᠠᠮᠧᠷᠢᠺᠠ ᠳᠤᠮᠳᠠᠳᠤ ᠬᠤᠶᠠᠷ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠦᠷᠭᠦᠯᠵᠢᠯᠡᠨ ᠬᠥᠭᠵᠢᠬᠦ ᠠᠷᠭ᠎ᠠ ᠶᠢ ᠡᠷᠢᠵᠦ ᠣᠯᠬᠤ ᠶᠢ ᠬᠦᠰᠡᠵᠦ ᠪᠠᠶᠢᠨ᠎ᠠ᠃ ᠶᠡᠷᠦᠩᠬᠡᠶᠢᠯᠡᠭᠴᠢ ᠪᠠᠶᠢᠳᠧᠨ ᠤᠳᠠᠯ ᠦᠭᠡᠢ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠣᠯᠣᠯᠴᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃      ᠰᠢ ᠶᠢᠨ ᠫᠢᠩ ᠱᠠᠯᠢᠸᠧᠨ ᠢᠶᠠᠷ ᠳᠠᠮᠵᠢᠭᠤᠯᠤᠨ ᠶᠡᠷᠦᠩᠬᠡᠶᠢᠯᠡᠭᠴᠢ ᠪᠠᠶᠢᠳᠧᠨ ᠳᠤ ᠮᠡᠨᠳᠦᠴᠢᠯᠡᠯ ᠳᠡᠪᠰᠢᠭᠦᠯᠵᠦ᠂ ᠳᠤᠷᠠᠲᠠᠶ᠎ᠠ ᠶᠡᠷᠦᠩᠬᠡᠶᠢᠯᠡᠭᠴᠢ ᠪᠠᠶᠢᠳᠧᠨ ᠲᠠᠢ ᠦᠷᠭᠦᠯᠵᠢᠯᠡᠨ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠨ᠎ᠠ ᠭᠡᠵᠦ ᠢᠯᠡᠷᠬᠡᠶᠢᠯᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ