ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠥᠬᠦᠷ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠪᠤᠢ᠃ ᠨᠢᠭᠡ ᠳᠤ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ᠨᠠᠰᠤᠲᠠᠶᠢᠴᠤᠳ ᠪᠠ ᠨᠢᠯᠬᠠᠰ︾᠂ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠰᠠᠭᠠᠳ ᠦᠭᠡᠶᠢᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ | ᠨᠡᠶᠢᠭᠡᠮ ᠲᠣᠭᠤᠷᠢᠭ ᠤᠨ 15 ᠮᠢᠨᠦ᠋ᠲ ᠤᠨ ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 2.97 ᠲᠦᠮᠡᠨ | ᠺᠦᠸᠠᠳ᠋ ᠮᠧᠲᠷ ᠤᠨ ᠰᠣᠶᠣᠯ ᠰᠡᠯᠡᠭᠦᠴᠡᠯ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠰᠢᠨ᠎ᠡ ᠪᠠᠷ ᠨᠡᠮᠡᠭᠳᠡᠪᠡ᠃ ᠬᠤᠶᠠᠷ ᠲᠤ ᠬᠠᠭᠤᠴᠢᠨ ᠰᠠᠭᠤᠭᠠᠯᠢ | ᠲᠣᠭᠤᠷᠢᠭ ᠤᠨ ᠴᠠᠬᠢᠯᠭᠠᠨ ᠬᠦᠴᠦᠨ ᠤ ᠪᠠᠭᠲᠠᠭᠠᠮᠵᠢ ᠶᠢ ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ ᠰᠠᠭᠤᠭᠠᠯᠢ ᠲᠣᠭᠤᠷᠢᠭ ᠤᠨ | ᠣᠲᠣ ᠶᠢᠨ ᠪᠠᠶᠢᠭ᠎ᠠ ᠲᠡᠷᠭᠡ ᠵᠣᠭᠰᠤᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠲᠡᠷᠭᠡ ᠵᠣᠭᠰᠤᠭᠠᠬᠤ ᠪᠠᠶᠢᠷᠢ ᠶᠢ ᠨᠡᠮᠡᠵᠦ ᠲᠣᠬᠢᠷᠠᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ | ᠶᠣᠰᠣᠭᠠᠷ ᠪᠦᠲᠦᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠪᠡᠯᠡᠨ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠨᠡᠶᠢᠲᠡ 714 ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ 2024 ᠣᠨ ᠳᠤ ᠪᠠᠷᠢᠯᠭ᠎ᠠ ᠶᠢᠨ ᠡᠨᠧᠷᠭᠢ ᠠᠷᠪᠢᠯᠠᠨ | ᠥᠭᠡᠷᠡᠴᠢᠯᠡᠨ ᠵᠠᠰᠠᠬᠤ ᠲᠠᠯᠠᠪᠠᠶ ᠶᠢ 200 ᠲᠦᠮᠡᠨ ᠺᠦᠸᠠᠳ᠋ ᠮᠧᠲᠷ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 104.4 ᠲᠦᠮᠡᠨ | ᠺᠦᠸᠠᠳ᠋ ᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | |