ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠡᠬᠢᠯᠡᠵᠡᠢ  ᠰᠦᠨ ᠱᠤᠤ ᠴᠧᠩ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ᠃      8 ᠰᠠᠷ᠎ᠠ ᠶᠢᠨ 29 ᠤ ᠡᠳᠦᠷ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠵᠡᠢ᠃      ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠪᠢᠳᠡ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠰᠤᠷᠤᠯᠴᠠᠬᠤ ᠰᠠᠭᠤᠷᠢᠨ ᠳᠡᠭᠡᠷ᠎ᠡ᠂ ᠵᠠᠩᠭᠢᠯᠠᠭ᠎ᠠ ᠶᠢᠨ ᠴᠢᠨᠠᠷᠲᠠᠢ᠂ ᠵᠢᠯᠤᠭᠤᠳᠬᠤ ᠴᠢᠨᠠᠷᠲᠠᠢ ᠠᠭᠤᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠲᠤᠬᠠᠢ ᠣᠶᠢᠯᠠᠭᠠᠯᠲᠠ ᠡᠵᠡᠮᠰᠢᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠪᠣᠳᠣᠯᠬᠢᠯᠠᠯ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠶᠠᠭᠤ ᠬᠢᠬᠦ᠂ ᠶᠠᠭᠠᠬᠢᠵᠤ ᠬᠢᠬᠦ ᠶᠢ ᠨᠡᠪᠳᠡᠷᠡᠳᠡᠯ᠎ᠡ ᠮᠡᠳᠡᠵᠥ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠪᠡ᠃      ᠰᠦᠨ ᠱᠤᠤ ᠴᠧᠩ᠂ ᠥᠪᠥᠷ ᠮᠣᠩᠭᠤᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠶᠠᠪᠤᠭᠳᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠲᠤᠷ ᠬᠥᠳᠡᠯᠭᠡᠬᠦ ᠬᠦᠴᠦᠨ ᠨᠡᠮᠡᠷᠢᠯᠡᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠲᠡᠯᠡᠭᠰᠡᠨ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠳᠦᠷᠢᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ ᠪᠣᠯᠣᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠤᠶ ᠪᠤᠯᠭᠠᠵᠤ᠂ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠴᠢᠷᠮᠠᠶᠢᠨ ᠤᠷᠤᠭᠰᠢᠯᠠᠵᠤ᠂ ᠢᠳᠡᠪᠬᠢᠲᠡᠢ ᠪᠠᠷ ᠵᠠᠮ ᠰᠦᠪᠡᠭᠴᠢᠯᠡᠨ ᠵᠠᠮ ᠨᠡᠭᠡᠭᠡᠵᠦ᠂ ︽ᠮᠤᠬᠤᠷ ᠵᠠᠮ︾ ᠢ ᠪᠦᠭᠦ ᠬᠦᠴᠦᠨ ᠢᠶᠠᠷ ᠢᠶᠠᠨ ᠨᠠᠪᠲᠠᠷᠡᠭᠦᠯᠵᠦ᠂ ︽ᠰᠢᠨ᠎ᠡ ᠵᠠᠮ ᠨᠡᠭᠡᠭᠡᠬᠦ︾ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠵᠣᠷᠢᠭ ᠰᠢᠭᠤᠳᠤᠨ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ ᠠᠷᠢᠯᠭᠠᠵᠤ᠂ ᠬᠥᠭᠵᠢᠯᠲᠡ ᠶᠢᠨ ᠳᠤᠮᠳᠠᠬᠢ ᠬᠤᠷᠢᠭ᠎ᠠ ᠴᠡᠭ ᠲᠦᠭᠵᠢᠷᠡᠯ ᠴᠡᠭ ᠢ ᠦᠨᠳᠦᠰᠦᠨ ᠠᠴᠠ ᠨᠢ ᠠᠷᠢᠯᠭᠠᠬᠤ ᠬᠡᠷᠡᠭᠲᠡᠢ ᠭᠡᠪᠡ᠃      ᠰᠦᠨ ᠱᠤᠤ ᠴᠧᠩ᠂ ᠥᠭᠡᠷᠡᠴᠢᠯᠡᠯᠲᠡ ᠶᠢ ᠰᠦᠪᠡᠭᠴᠢᠯᠡᠵᠦ ᠥᠭᠡᠷᠡᠴᠢᠯᠡᠯᠲᠡ ᠶᠢ ᠠᠳᠬᠤᠬᠤ ᠳᠤ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠬᠡᠷᠡᠭᠲᠡᠢ᠃ ᠪᠤᠰᠤᠳ ᠤᠨ ᠪᠤᠳᠤᠵᠤ ᠦᠵᠡᠭᠡ ᠦᠭᠡᠢ ᠵᠦᠢᠯ ᠢ ᠵᠣᠷᠢᠭᠲᠠᠢ ᠪᠤᠳᠤᠵᠤ᠂ ᠪᠤᠰᠤᠳ ᠤᠨ ᠬᠢᠵᠦ ᠦᠵᠡᠭᠡ ᠦᠭᠡᠢ ᠵᠦᠢᠯ ᠢ ᠵᠣᠷᠢᠭᠲᠠᠢ ᠬᠢᠵᠦ᠂ ᠰᠢᠨ᠎ᠡ ᠶᠢ ᠡᠭᠦᠳᠬᠦ ᠰᠣᠶᠣᠯ ᠢ ᠶᠡᠭᠡ ᠪᠠᠷ ᠪᠣᠶᠢᠵᠢᠭᠤᠯᠤᠨ ᠪᠠᠳᠠᠷᠠᠭᠤᠯᠵᠤ᠂ ᠨᠡᠩ ᠠᠭᠤᠵᠢᠭᠤ ᠴᠢᠯᠦᠭᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠰᠢᠰᠲ᠋ᠧᠮ ᠲᠠᠢ ᠰᠤᠳᠤᠯᠤᠨ ᠠᠵᠢᠯ ᠢᠶᠠᠨ ᠠᠬᠢᠭᠤᠯᠵᠤ᠂ ᠡᠭᠦᠷᠭᠡ ᠶᠢ ᠬᠤᠷᠠᠭᠤᠯᠬᠤ᠂ ᠬᠠᠷᠢᠭᠤᠴᠠᠯᠭ᠎ᠠ ᠶᠢ ᠬᠤᠯᠪᠣᠯᠳᠤᠭᠤᠯᠬᠤ᠂ ᠬᠠᠨᠳᠤᠰᠢ ᠶᠢ ᠨᠢᠭᠡᠳᠬᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠰᠦᠨ ᠱᠤᠤ ᠴᠧᠩ ᠪᠠᠰᠠ ᠺᠠᠳ᠋ᠷ ᠢ ᠲᠥᠪᠯᠡᠷᠡᠭᠦᠯᠦᠨ ᠡᠭᠡᠯᠵᠢᠯᠡᠨ ᠪᠤᠯᠪᠠᠰᠤᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠭᠦᠮ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ