ᠯᠢ ᠴᠢᠶᠠᠩ ᠬᠤᠨᠠᠨ ᠳᠤ ᠭᠠᠮᠰᠢᠭᠳᠠᠭᠰᠠᠨ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ - ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/8/6
      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 8 ᠰᠠᠷ᠎ᠠ ᠶᠢᠨ 1 ᠤ ᠡᠳᠦᠷ ᠬᠤᠨᠠᠨ ᠤ ᠴᠧᠨ ᠵᠧᠦ ᠳᠤ ᠭᠠᠮᠰᠢᠭᠳᠠᠭᠰᠠᠨ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ᠃ ᠲᠡᠷᠡ᠂ ᠣᠳᠣᠬᠠᠨ ᠳᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ  ᠪᠠᠶᠢᠳᠠᠯ  ᠬᠦᠨᠳᠦ  ᠬᠡᠴᠡᠭᠦᠦ  ᠨᠠᠷᠢᠨ ᠪᠤᠳᠤᠯᠢᠶᠠᠨᠲᠠᠢ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠷᠠᠳ ᠣᠯᠠᠨ ᠤ ᠠᠮᠤᠷ ᠲᠦᠪᠰᠢᠨ ᠤ ᠲᠥᠯᠥᠭᠡ ᠴᠠᠭ ᠢᠮᠠᠭᠲᠠ ᠰᠠᠨᠠᠭᠠᠰᠢᠷᠠᠵᠤ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠴᠢᠬᠤᠯᠠ ᠪᠠᠶᠢᠷᠢᠯᠠᠭᠤᠯᠤᠯᠲᠠ ᠬᠢᠪᠡ᠃ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠥᠩᠭᠡᠷᠡᠬᠦ ᠦᠭᠡᠢ ᠪᠣᠯ ᠦᠵᠡᠯ ᠰᠠᠨᠠᠭᠠᠨ ᠳᠡᠭᠡᠷ᠎ᠡ ᠪᠠᠨ  ᠲᠠᠶᠢᠪᠤᠰᠢᠷᠠᠬᠤ  ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠣᠶᠢᠷ᠎ᠠ ᠶᠢᠨ ᠬᠤᠭᠤᠴᠠᠭᠠᠨ ᠳᠤ᠂ ᠬᠤᠨᠠᠨ ᠳᠤ ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠬᠡᠰᠡᠭ  ᠭᠠᠵᠠᠷ  ᠣᠷᠣᠨ  ᠬᠦᠨᠳᠦ  ᠨᠣᠴᠢᠲᠠᠢ  ᠦᠶᠡᠷ  ᠤᠰᠤᠲᠤᠯ ᠪᠠ ᠭᠠᠵᠠᠷ ᠤᠨ ᠭᠠᠮᠰᠢᠭ ᠲᠤ ᠤᠴᠠᠷᠠᠪᠠ᠃ ᠯᠢ ᠴᠢᠶᠠᠩ ᠤᠷᠢᠳ ᠬᠤᠵᠢᠳ ᠴᠧᠨ ᠵᠧᠦ ᠬᠤᠳᠠ ᠶᠢᠨ ᠽᠢ ᠰᠢᠩ ᠬᠤᠳᠠ ᠶᠢᠨ ᠵᠧᠦ ᠮᠧᠨ ᠰᠧ ᠪᠠᠯᠭᠠᠰᠤᠨ ᠤ ᠶᠠᠨ ᠸᠧ ᠲᠣᠰᠬᠤᠨ᠂ ᠶᠠᠩ ᠭᠦᠩ ᠲᠠᠩ ᠲᠣᠰᠬᠤᠨ ᠳᠤ ᠬᠦᠷᠴᠦ᠂ ᠭᠠᠮᠰᠢᠭ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠮᠰᠢᠭᠳᠠᠭᠰᠠᠨ ᠲᠤᠰᠬᠤᠨ ᠤ ᠠᠷᠠᠳ ᠢ ᠰᠤᠷᠪᠤᠯᠵᠢᠯᠠᠨ ᠦᠵᠡᠵᠦ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠠᠬᠢᠴᠠ ᠪᠣᠯᠣᠨ ᠵᠠᠮ᠂ ᠲᠠᠷᠢᠶᠠᠨ ᠭᠠᠵᠠᠷ᠂ ᠭᠡᠷ ᠪᠠᠶᠢᠰᠢᠩ ᠵᠡᠷᠭᠡ ᠶᠢᠨ ᠬᠤᠬᠢᠷᠠᠯ ᠳᠤ ᠤᠴᠠᠷᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠯᠢ ᠴᠢᠶᠠᠩ᠂ ᠣᠳᠣᠬᠠᠨ ᠳᠤ ᠪᠦᠭᠦ ᠬᠦᠴᠦᠨ ᠢᠶᠠᠷ ᠢᠶᠠᠨ ᠰᠤᠷᠠᠭ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠡᠷᠢᠨ ᠠᠪᠤᠷᠠᠬᠤ ᠠᠵᠢᠯ ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠭᠠᠮᠰᠢᠭᠳᠠᠭᠰᠠᠨ ᠪᠠᠶᠢᠳᠠᠯ ᠢ ᠲᠦᠷᠭᠡᠨ ᠪᠥᠭᠡᠳ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠵᠠᠮ᠂ ᠴᠠᠭᠢᠯᠭᠠᠨ ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ ᠨᠡᠪᠲᠡᠷᠡᠭᠦᠯᠦᠨ᠂ ᠤᠰᠤᠲᠤᠯ ᠢ ᠵᠠᠯᠠᠬᠤ ᠯᠠᠭ ᠰᠢᠪᠡᠷ ᠢ ᠴᠡᠪᠡᠷᠯᠡᠬᠦ ᠪᠠ ᠲᠤᠬᠠᠢ ᠶᠢᠨ ᠲᠠᠯᠠᠪᠠᠶ ᠶᠢ ᠠᠷᠢᠯᠭᠠᠨ ᠴᠡᠪᠡᠷᠯᠡᠬᠦ ᠶᠠᠪᠤᠳᠠᠯ ᠢ ᠲᠦᠷᠭᠡᠳᠬᠡᠨ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠵᠡᠷᠭᠡ ᠳᠠᠭᠠᠯᠳᠤᠵᠤ ᠡᠭᠦᠰᠬᠦ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠠᠶᠤᠯ ᠠᠴᠠ ᠠᠪᠤᠷᠠᠨ ᠲᠤᠰᠠᠯᠠᠵᠤ ᠪᠠᠶᠢᠭ᠎ᠠ ᠬᠥᠮᠥᠰ ᠢ ᠲᠣᠬᠤᠨᠢᠭᠤᠯᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠲᠤᠰ ᠪᠡᠶ᠎ᠡ ᠶᠢᠨ ᠠᠮᠤᠷ ᠲᠦᠪᠰᠢᠨ ᠢᠶᠠᠨ ᠴᠦ ᠠᠩᠬᠠᠷᠬᠤ ᠶᠢ ᠬᠦᠰᠡᠪᠡ᠃      ᠯᠢ ᠴᠢᠶᠠᠩ ᠵᠧᠦ ᠮᠧᠨ ᠰᠧ ᠪᠠᠯᠭᠠᠰᠤᠨ ᠤ ᠤᠯᠠᠨ ᠲᠦᠮᠡᠨ ᠢ ᠲᠥᠪᠬᠢᠨᠡᠭᠦᠯᠬᠦ ᠴᠡᠭ ᠲᠤ ᠬᠦᠷᠴᠦ ᠭᠠᠮᠰᠢᠭᠳᠠᠭᠰᠠᠨ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠭᠡᠷ ᠤᠨ ᠬᠢᠨᠢ ᠭᠠᠮᠰᠢᠭᠳᠠᠭᠰᠠᠨ ᠪᠠᠶᠢᠳᠠᠯ᠂ ᠢᠳᠡᠵᠦ ᠤᠤᠭᠤᠬᠤ ᠬᠤᠨᠣᠵᠤ ᠬᠡᠪᠲᠡᠬᠦ ᠶᠠᠮᠠᠷ ᠵᠡᠷᠭᠡ ᠪᠠᠶᠢᠬᠤ᠂ ᠪᠠᠰᠠ ᠶᠠᠮᠠᠷ ᠬᠦᠴᠢᠷᠳᠡᠯ ᠪᠠᠶᠢᠬᠤ ᠵᠡᠷᠭᠡ ᠶᠢ ᠨᠠᠷᠢᠨ ᠠᠰᠠᠭᠤᠪᠠ᠃ ᠯᠢ ᠴᠢᠶᠠᠩ ᠲᠥᠪᠬᠢᠨᠡᠭᠦᠯᠬᠦ ᠴᠡᠭ ᠤᠨ ᠡᠳ᠋ ᠪᠣᠳᠠᠰ ᠤᠨ ᠬᠠᠩᠭᠠᠯᠭ᠎ᠠ᠂ ᠡᠮᠴᠢᠯᠡᠭᠡᠨ ᠤ ᠦᠢᠯᠡᠴᠢᠯᠡᠭᠡ᠂ ᠬᠢᠵᠢᠭ ᠢ ᠰᠡᠷᠭᠡᠶᠢᠯᠡᠨ ᠠᠷᠢᠭᠤᠳᠬᠠᠬᠤ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ ᠭᠡᠵᠦ ᠲᠤᠬᠠᠢ ᠶᠢᠨ ᠭᠠᠵᠠᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠵᠠᠬᠢᠪᠠ᠃ ᠲᠡᠷᠡ᠂ ᠤᠯᠠᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠭᠡᠷ ᠣᠷᠣᠨ ᠢᠶᠠᠨ ᠲᠠᠭᠢᠨ ᠪᠠᠶᠢᠭᠤᠯᠵᠤ᠂ ᠡᠯ᠎ᠡ ᠲᠠᠯ᠎ᠠ ᠶᠢᠨ ᠬᠢᠨ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠷᠲᠡᠬᠡᠨ ᠰᠡᠷᠭᠦᠭᠡᠬᠦ ᠬᠡᠷᠡᠭᠲᠡᠢ ᠭᠡᠵᠦ ᠵᠣᠷᠢᠭᠵᠢᠭᠤᠯᠪᠠ᠃      ᠲᠠᠷᠠᠭ᠎ᠠ ᠨᠢ᠂ ᠯᠢ ᠴᠢᠶᠠᠩ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠨᠠᠨ ᠮᠤᠵᠢ᠂ ᠽᠢ ᠰᠢᠩ ᠬᠤᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠬᠠᠮᠤᠭ ᠤᠨ ᠴᠢᠬᠤᠯᠠ ᠪᠣᠭᠤᠮᠲᠠ  ᠳᠤ ᠬᠦᠷᠴᠦ ᠢᠷᠠᠵᠠᠢ᠂ ᠦᠶᠡᠷ ᠢ ᠰᠡᠷᠭᠡᠶᠢᠯᠡᠬᠦ ᠤᠷᠭᠢᠯ᠂ ᠬᠠᠰᠢᠯᠭ᠎ᠠ ᠰᠡᠳᠡᠷᠡᠭᠦ ᠶᠢ ᠰᠡᠷᠭᠡᠶᠢᠯᠡᠬᠦ᠂ ᠤᠰᠤᠲᠤᠯ ᠢ ᠭᠠᠳᠠᠭᠰᠢᠯᠠᠭᠤᠯᠬᠤ ᠳᠠᠷᠤᠯᠲᠠ ᠶᠡᠭᠡ ᠪᠠᠶᠢᠨ᠎ᠠ᠂ ᠪᠢᠳᠡᠨ ᠳᠤ ᠤᠯᠠᠨ ᠱᠤᠭᠤᠮ ᠢᠶᠠᠷ ᠪᠠᠶᠢᠯᠳᠤᠬᠤ᠂ ᠤᠯᠠᠨ ᠭᠠᠮᠰᠢᠭ ᠵᠡᠷᠭᠡ ᠪᠠᠷ ᠡᠭᠦᠰᠬᠦ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠨᠡᠩ ᠢᠯᠡᠭᠦᠦ ᠪᠣᠳᠣᠯᠬᠢᠯᠠᠵᠤ᠂ ᠪᠡᠯᠡᠳᠬᠡᠯ ᠢᠶᠠᠨ ᠨᠡᠩ ᠨᠠᠷᠢᠯᠢᠭ ᠬᠢᠵᠦ᠂ ᠰᠡᠷᠭᠡᠶᠢᠯᠡᠬᠦ᠂ ᠪᠠᠭᠠᠰᠬᠠᠬᠤ᠂ ᠠᠪᠤᠷᠠᠬᠤ ᠪᠦᠭᠦ ᠬᠡᠯᠬᠢᠶᠡᠨ ᠳᠤ ᠬᠠᠮᠵᠢᠯᠴᠠᠨ ᠬᠦᠴᠦᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ᠃ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠶᠢᠳᠠᠯ ᠢ ᠠᠩᠬᠠᠷᠴᠤ᠂ ᠠᠶᠤᠯᠲᠤ ᠣᠷᠣᠨ ᠤ ᠤᠯᠠᠨ ᠲᠦᠮᠡᠨ ᠢ ᠤᠷᠢᠳᠴᠢᠯᠠᠨ ᠰᠢᠯᠵᠢᠭᠦᠯᠵᠦ᠂ ᠤᠯᠠᠨ ᠬᠥᠮᠥᠨ ᠦᠬᠦᠵᠦ ᠤᠯᠠᠨ ᠬᠥᠮᠥᠨ ᠰᠢᠷᠬᠠᠲᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠪᠠ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ᠶᠢ ᠦᠷᠭᠦᠯᠵᠢᠯᠡᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠶᠤᠯ ᠲᠦᠭᠰᠢᠭᠦᠷᠢ ᠠᠴᠠ ᠠᠪᠤᠷᠠᠬᠤ ᠡᠳ᠋ ᠪᠣᠳᠠᠰ ᠲᠤᠨᠤᠭ ᠲᠥᠬᠦᠭᠡᠷᠦᠮᠵᠢ ᠶᠢ ᠱᠠᠯᠠᠪᠳᠠᠨ ᠭᠦᠢᠴᠡᠳ ᠪᠡᠯᠡᠳᠬᠡᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠬᠡᠲᠦᠷᠡᠮᠡᠬᠡᠢ ᠪᠠᠶᠢᠳᠠᠯ ᠳᠣᠣᠷᠠᠬᠢ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠪᠠᠲᠤᠯᠠᠵᠤ᠂ ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠨ ᠥᠭᠴᠦ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠲᠣᠬᠢᠷᠠᠭᠤᠯᠤᠨ ᠲᠡᠭᠡᠭᠡᠪᠦᠷᠢᠯᠡᠵᠦ᠂ ᠳᠠᠭᠠᠳᠬᠠᠯ ᠤᠨ ᠲᠥᠯᠥᠪᠦᠷᠢ ᠥᠭᠬᠦ ᠶᠢ ᠲᠦᠷᠭᠡᠳᠬᠡᠨ᠂ ᠡᠪᠳᠡᠭᠳᠡᠭᠰᠡᠨ ᠭᠡᠷ ᠪᠠᠶᠢᠰᠢᠩ ᠢ ᠰᠡᠯᠪᠢᠨ ᠵᠠᠰᠠᠵᠤ ᠪᠠᠬᠢᠵᠢᠭᠦᠯᠬᠦ᠂ ᠲᠠᠷᠢᠶ᠎ᠠ ᠶᠢ ᠨᠥᠬᠦᠵᠦ ᠲᠠᠷᠢᠬᠤ ᠪᠤᠶᠤ ᠳᠠᠭᠢᠨ ᠲᠠᠷᠢᠬᠤ ᠵᠡᠷᠭᠡ ᠠᠵᠢᠯ ᠢ ᠡᠷᠲᠡᠬᠡᠨ ᠲᠥᠰᠥᠪᠯᠡᠵᠦ᠂ ᠭᠠᠮᠰᠢᠭ ᠤᠨ ᠳᠠᠷᠠᠭ᠎ᠠ ᠳᠠᠭᠢᠨ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠲᠦᠷᠭᠡᠯᠡᠨ ᠪᠦᠲᠦᠭᠡᠨ ᠪᠠᠶᠢᠭᠤᠯᠵᠤ᠂ ᠦᠶᠡᠷ ᠢ ᠰᠡᠷᠭᠡᠶᠢᠯᠡᠬᠦ ᠢᠨᠵᠧᠨᠧᠷᠢᠩ ᠪᠠ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠦᠷᠢᠯᠡᠨ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠦ᠋ ᠵᠧᠩ ᠯᠦᠩ ᠪᠠᠷ᠎ᠠ ᠪᠣᠯᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ