ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠨᠢᠷᠤᠭᠤᠪᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ
ᠨᠡᠶᠢᠲᠡᠯᠡᠭᠰᠡᠨ ᠴᠠᠭ᠄
2024/8/7
      ᠵᠠᠯᠠᠭᠤ ᠺᠠᠳ᠋ᠷᠴᠤᠳ ᠤᠨ ᠮᠡᠳᠡᠭᠡ ᠵᠠᠩᠭᠢ ᠵᠣᠬᠢᠶᠠᠨ ᠪᠢᠴᠢᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ᠂ ᠥᠨᠳᠥᠷ ᠬᠢᠷᠢ ᠲᠦᠪᠰᠢᠨ ᠲᠠᠢ ᠮᠡᠳᠡᠭᠡ ᠵᠠᠩᠭᠢᠴᠢᠳ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ 8 ᠰᠠᠷ᠎ᠠ ᠶᠢᠨ 6 ᠋ ᠤ ᠡᠳᠦᠷ᠂ ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠤᠬᠠᠭᠤᠯᠬᠤ ᠭᠤᠣᠯᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃ ᠡᠯ᠎ᠡ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠬᠠᠮ ᠵᠠᠭᠤᠴᠢᠯᠠᠭᠤᠷ ᠤᠨ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ 40 ᠰᠢᠬᠠᠮ ᠭᠤᠣᠯᠯᠠᠭᠴᠢ ᠮᠡᠳᠡᠭᠡ ᠵᠠᠩᠭᠢ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃       ᠬᠤᠷᠠᠯ ᠠᠴᠠ ᠰᠣᠳᠣᠨ ᠵᠣᠬᠢᠶᠠᠯ ᠢ ᠵᠠᠳᠠᠯᠬᠤ᠂ ᠵᠣᠬᠢᠶᠠᠨ ᠪᠢᠴᠢᠬᠦ ᠤᠷ᠎ᠠ ᠮᠡᠷᠭᠡᠵᠢᠯ ᠢ ᠬᠤᠪᠢᠶᠠᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠂ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠡᠬᠡ ᠪᠢᠴᠢᠭ ᠤᠨ ᠲᠥᠷᠥᠯ ᠠᠩᠭᠢᠯᠠᠯ᠂ ᠰᠢᠨ᠎ᠡ ᠵᠠᠭᠤᠴᠢᠯᠠᠭᠤᠷ ᠤᠨ ᠪᠦᠲᠦᠭᠡᠯ ᠢ ᠵᠣᠬᠢᠶᠠᠨ ᠪᠦᠲᠦᠭᠡᠬᠦ ᠵᠢᠴᠢ ᠵᠣᠬᠢᠶᠠᠯ ᠤᠨ ᠰᠡᠳᠦᠪ ᠰᠣᠩᠭᠤᠬᠤ᠂ ᠵᠣᠬᠢᠶᠠᠨ ᠪᠢᠴᠢᠬᠦ᠂ ᠡᠬᠡ ᠪᠢᠴᠢᠭ ᠢᠯᠡᠭᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠲᠤᠶᠢᠯ ᠤᠨ ᠴᠢᠩᠭ᠎ᠠ ᠴᠢᠭᠯᠡᠭᠦᠯᠦᠯᠲᠦ ᠴᠢᠨᠠᠷ᠂ ᠵᠢᠯᠤᠭᠤᠳᠬᠤ ᠴᠢᠨᠠᠷ ᠪᠠ ᠦᠢᠯᠡᠳᠦᠯᠭᠡᠲᠦ ᠴᠢᠨᠠᠷ ᠲᠠᠢ ᠶᠤᠮ᠃ ᠡᠭᠦᠨ ᠤ ᠬᠠᠮᠲᠤ᠂ ᠬᠤᠷᠠᠯ ᠠᠴᠠ ᠪᠠᠰᠠ ᠳᠡᠭᠡᠷ᠎ᠡ ᠬᠠᠭᠠᠰ ᠵᠢᠯ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ 2 ᠲᠡᠷᠢᠭᠦᠨ ᠤ ᠨᠢᠭᠡᠴᠡ ᠪᠣᠯᠣᠨ 6 ᠰᠢᠯᠢᠳᠡᠭ ᠮᠡᠳᠡᠭᠡ ᠵᠠᠩᠭᠢᠴᠢᠨ ᠢ ᠵᠠᠷᠯᠠᠨ ᠰᠠᠶᠢᠰᠢᠶᠠᠪᠠ᠃       ᠪᠣᠯᠪᠠᠰᠤᠷᠠᠯ ᠤᠨ ᠱᠠᠭᠠᠷᠳᠠᠯᠭ᠎ᠠ ᠳᠤ᠂ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ︽ᠶᠠᠭᠤᠨ ᠳᠤ ᠪᠢᠴᠢᠬᠦ᠂ ᠶᠠᠭᠤ ᠪᠢᠴᠢᠬᠦ᠂ ᠶᠠᠭᠠᠬᠢᠵᠤ ᠪᠢᠴᠢᠬᠦ︾  ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠬᠢᠯᠠᠰ ᠴᠡᠭ ᠢ ᠭᠦᠢᠴᠡᠳ ᠠᠭᠤᠳᠠᠯᠵᠤ᠂ ᠬᠠᠯᠠᠮᠰᠢᠯ ᠴᠡᠭ ᠢ ᠴᠢᠩᠭ᠎ᠠ ᠳᠠᠭᠠᠵᠤ᠂ ᠬᠦᠴᠢᠷ ᠠᠰᠠᠭᠤᠳᠠᠯ ᠢ ᠣᠨᠢᠯᠠᠵᠤ᠂ ᠪᠣᠳᠠᠲᠠᠢ ᠠᠰᠠᠭᠤᠳᠠᠯ ᠢ ᠰᠤᠳᠤᠯᠤᠨ᠂ ᠠᠵᠢᠯ ᠤᠨ ᠰᠡᠳᠬᠢᠴᠡ ᠪᠠᠨ ᠥᠷᠭᠡᠳᠬᠡᠬᠦ ᠬᠡᠷᠡᠭᠲᠡᠢ᠃ ᠠᠵᠢᠯ ᠤᠨ ᠴᠢᠳᠠᠪᠤᠷᠢ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠤᠶᠤᠨ ᠤᠬᠠᠭᠠᠨ ᠢᠶᠠᠨ ᠲᠥᠪᠯᠡᠷᠡᠭᠦᠯᠦᠨ ᠡᠬᠡ ᠪᠢᠴᠢᠭ ᠤᠨ ᠡᠬᠢ ᠰᠤᠷᠪᠤᠯᠵᠢ ᠶᠢ ᠪᠠᠲᠤᠯᠠᠵᠤ᠂ ᠶᠠᠰᠤ ᠴᠢᠨᠠᠷ ᠢ ᠪᠠᠲᠤᠯᠠᠵᠤ᠂ ᠡᠬᠡ ᠪᠢᠴᠢᠭ ᠭᠠᠷᠭᠠᠬᠤ ᠨᠤᠷᠮ᠎ᠠ ᠶᠢ ᠪᠠᠲᠤᠯᠠᠵᠤ᠂ ᠮᠡᠳᠡᠭᠡ ᠵᠠᠩᠭᠢ ᠶᠢᠨ ᠵᠠᠰᠠᠭ ᠲᠤ ᠲᠤᠰᠠᠯᠠᠬᠤ ᠦᠢᠯᠡᠳᠦᠯ ᠢ ᠭᠦᠢᠴᠡᠳ ᠢᠯᠡᠷᠡᠭᠦᠯᠬᠦ ᠶᠢ ᠠᠬᠢᠭᠤᠯᠵᠤ᠂ ᠵᠥᠪ ᠲᠠᠯ᠎ᠠ ᠶᠢᠨ ᠤᠬᠠᠭᠤᠯᠭ᠎ᠠ ᠶᠢ ᠠᠮᠢᠳᠤᠯᠢᠭ ᠪᠣᠳᠠᠲᠠᠢ ᠬᠢᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠱᠤᠭᠤᠬᠤ ᠳᠤ ᠬᠢᠯᠠᠰ ᠴᠡᠭ ᠵᠠᠯᠭᠠᠭ᠎ᠠ ᠪᠠᠷ ᠢᠯᠡᠷᠡᠬᠦ ᠬᠡᠷᠡᠭᠲᠡᠢ᠃ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠰᠡᠳᠦᠪ ᠰᠣᠩᠭᠤᠨ ᠨᠠᠶᠢᠷᠠᠭᠤᠯᠵᠤ ᠮᠡᠳᠡᠭᠦᠯᠬᠦ ᠲᠣᠭᠲᠠᠴᠠ᠂ ᠪᠣᠳᠠᠲᠤ ᠦᠷ᠎ᠡ ᠪᠦᠲᠦᠮᠵᠢᠲᠦ ᠴᠢᠨᠠᠷᠲᠠᠢ ᠲᠥᠷᠥᠯ ᠬᠤᠪᠢᠶᠠᠨ ᠰᠤᠷᠪᠤᠯᠵᠢᠯᠠᠵᠤ ᠪᠢᠴᠢᠬᠦ ᠲᠣᠭᠲᠠᠴᠠ᠂ ᠤᠳᠤᠷᠢᠳᠤᠮᠵᠢ ᠶᠢᠨ ᠴᠢᠨᠠᠷᠲᠠᠢ ᠱᠠᠩᠨᠠᠵᠤ ᠨᠡᠪᠲᠡᠷᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠠᠬᠢᠯᠭᠠᠨ ᠴᠡᠨᠡᠭᠯᠡᠵᠦ ᠡᠨᠧᠷᠭᠢ ᠬᠤᠷᠠᠮᠳᠤᠭᠤᠯᠬᠤ ᠬᠡᠷᠡᠭᠲᠡᠢ᠃       ᠪᠣᠯᠪᠠᠰᠤᠷᠠᠯ ᠳᠤ ᠣᠷᠣᠯᠴᠠᠭᠰᠠᠨ ᠮᠡᠳᠡᠭᠡ ᠵᠠᠩᠭᠢᠴᠢᠨ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠤᠨ ᠭᠤᠣᠯ ᠰᠡᠳᠦᠪ ᠨᠢ ᠲᠣᠳᠣᠷᠬᠠᠢ᠂ ᠭᠤᠣᠯᠳᠠᠯᠭ᠎ᠠ ᠨᠢ ᠲᠣᠪᠣᠶᠢᠮ᠎ᠠ ᠪᠠᠶᠢᠵᠤ᠂ ᠦᠨᠳᠦᠰᠦᠨ ᠱᠠᠲᠤᠨ ᠤ ᠮᠡᠳᠡᠭᠡ ᠵᠠᠩᠭᠢᠴᠢ ᠶᠢᠨ ᠵᠣᠬᠢᠶᠠᠨ ᠪᠢᠴᠢᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠡᠢ᠃ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠵᠤ ᠰᠡᠳᠬᠢᠭᠰᠡᠨ ᠦᠷ᠎ᠡ ᠪᠦᠲᠦᠭᠡᠯ ᠢᠶᠠᠨ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ᠂ ᠨᠠᠩ ᠴᠢᠨᠠᠷ ᠰᠠᠶᠢᠲᠠᠢ᠂ ᠨᠠᠩ ᠦᠨ᠎ᠡ ᠥᠷᠲᠡᠭ ᠲᠠᠢ ᠵᠣᠬᠢᠶᠠᠨ ᠪᠠᠶᠢᠭᠤᠯᠬᠤ ᠠᠵᠢᠯ ᠤᠨ ᠮᠡᠳᠡᠭᠡ ᠵᠠᠩᠭᠢ ᠶᠢ ᠴᠢᠷᠮᠠᠶᠢᠨ ᠲᠤᠭᠤᠷᠪᠢᠨ ᠪᠢᠴᠢᠬᠦ ᠬᠡᠷᠡᠭᠲᠡᠢ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ