ᠸᠠᠩ ᠯᠢ ᠰᠢᠶᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ ᠥᠷᠭᠡᠨ ᠣᠯᠠᠨ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/9/10
      ᠳᠥᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠬᠤ ᠶᠢᠨ ᠬᠠᠮᠲᠤ ᠪᠦᠭᠦ ᠣᠷᠣᠨ ᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠂ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠤᠨ᠂ ︽ᠶᠠᠮᠠᠷ ᠬᠥᠮᠥᠨ ᠢ ᠬᠥᠮᠥᠵᠢᠭᠦᠯᠬᠦ᠂ ᠬᠡᠷᠬᠢᠨ ᠬᠥᠮᠥᠨ ᠢ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ︾ ᠭᠡᠬᠦ ᠦᠨᠳᠦᠰᠦᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠬᠡᠷᠬᠢᠨ ᠰᠠᠶᠢᠲᠤᠷ ᠶᠠᠷᠢᠬᠤ ᠶᠢᠨ ᠲᠣᠭᠤᠷᠢᠨ ᠳᠤ ᠪᠠᠭᠰᠢ ᠰᠤᠷᠤᠬᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠨ᠂ ᠨᠢᠭᠡᠳ ᠨᠢᠭᠡ ᠪᠠᠷ ᠶᠠᠷᠢᠯᠴᠠᠵᠤ᠂ ᠰᠠᠨᠠᠭᠤᠯᠭ᠎ᠠ ᠶᠢ ᠰᠣᠨᠣᠰᠪᠠ᠃ ᠼᠤᠤ ᠮᠢᠩ ᠶᠠᠩ᠂ ᠵᠤᠤ ᠰᠡᠴᠡᠨ᠂ ᠵᠤᠤ ᠹᠦ᠋ ᠼᠠᠢ᠂ ᠤᠷᠠᠯᠢᠭ᠂ ᠴᠡᠯᠮᠡᠭ ᠵᠡᠷᠭᠡ ᠪᠠᠭᠰᠢ ᠰᠤᠷᠤᠬᠴᠢᠳ ᠤᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ ᠵᠢᠱᠢᠶ᠎ᠡ ᠨᠦᠭᠦᠳ ᠢ ᠰᠣᠨᠣᠰᠤᠭᠰᠠᠨ ᠤ ᠳᠠᠷᠠᠭ᠎ᠠ᠂ ᠲᠡᠷᠡ᠂ ᠣᠲᠣ ᠰᠤᠷᠤᠬᠴᠢᠳ ᠤᠨ ᠮᠡᠳᠡᠭᠡ ᠵᠠᠩᠭᠢ ᠭᠥᠯᠢᠶᠡᠨ ᠠᠪᠬᠤ ᠠᠷᠭ᠎ᠠ ᠵᠠᠮ ᠥᠷᠭᠡᠨ ᠳᠡᠯᠭᠡᠷ ᠪᠣᠯᠵᠤ ᠪᠠᠶᠢᠨ᠎ᠠ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ᠂ ᠭᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠦᠨ᠂ ᠪᠠᠭ᠎ᠠ ᠠᠴᠠ ᠨᠢ ᠭᠠᠷᠳᠠᠵᠤ᠂ ᠳᠡᠷᠭᠡᠳᠡᠬᠢ ᠬᠥᠮᠥᠰ ᠪᠣᠯᠣᠨ ᠳᠡᠷᠭᠡᠳᠡᠬᠢ ᠶᠠᠪᠤᠳᠠᠯ ᠠᠴᠠ ᠨᠢ ᠡᠬᠢᠯᠡᠨ ᠶᠠᠷᠢᠵᠤ᠂ ᠰᠤᠷᠤᠬᠴᠢᠳ ᠲᠤ ᠦᠨᠡᠨ ᠬᠦ ᠲᠥᠷᠥᠭᠳᠡᠯ ᠣᠯᠭᠤᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠰᠤᠷᠤᠬᠴᠢᠳ ᠤᠨ ᠤᠳᠤ ᠦᠶ᠎ᠡ ᠶᠢᠨ ᠮᠡᠳᠡᠯᠭᠡ ᠶᠢ ᠭᠥᠯᠢᠶᠡᠨ ᠠᠪᠬᠤ ᠳᠤ ᠨᠡᠩ ᠳᠦᠭᠦᠮ ᠪᠤᠯᠭᠠᠵᠥ᠂ ᠬᠠᠮᠲᠤ ᠪᠠᠷ ᠦᠰᠦᠨ ᠪᠣᠶᠢᠵᠢᠵᠤ ᠤᠷᠤᠭᠰᠢᠯᠠᠨ ᠳᠠᠪᠰᠢᠬᠤ ᠬᠡᠷᠡᠭᠲᠡᠢ ᠭᠡᠪᠡ᠃    ᠸᠠᠩ ᠯᠢ ᠰᠢᠶᠠ ᠪᠠᠰᠠ ᠥᠷᠭᠡᠨ ᠤᠯᠠᠨ ᠪᠠᠭᠰᠢ ᠰᠤᠷᠤᠬᠴᠢᠳ ᠢ ᠤᠯᠤᠰ ᠲᠦᠷᠦ ᠶᠢ ᠡᠷᠬᠢᠮᠯᠡᠵᠦ᠂ ᠬᠠᠶᠢᠷ᠎ᠠ ᠰᠡᠳᠬᠢᠯᠭᠡ ᠲᠠᠢ ᠪᠠᠶᠢᠵᠤ᠂ ᠦᠨᠡᠨ ᠰᠡᠳᠬᠢᠯ ᠠᠴᠠ ᠪᠠᠨ ᠨᠠᠮ ᠢ ᠮᠡᠳᠡᠷᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠮᠡᠳᠡᠷᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠬᠡᠷᠡᠭᠲᠡᠢ᠃ ᠪᠦᠯᠬᠦᠮᠳᠡᠯ ᠢ ᠡᠷᠬᠢᠮᠯᠡᠵᠦ᠂ ᠶᠡᠭᠡ ᠲᠠᠯ᠎ᠠ ᠶᠢ ᠪᠣᠳᠣᠯᠬᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ ᠬᠠᠮᠲᠤ ᠶᠢᠨ︾᠂ ︽ᠲᠠᠪᠤᠨ ᠬᠠᠮᠲᠤ ᠶᠢᠨ ᠲᠠᠨᠢᠯᠲᠠ︾ ᠶᠢᠨ ᠲᠤᠬᠠᠢ ᠣᠶᠢᠯᠠᠭᠠᠯᠲᠠ ᠲᠠᠨᠢᠯᠲᠠ ᠪᠠᠨ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠲᠡᠷᠢᠭᠦᠨ ᠤ ᠬᠢ ᠶᠢ ᠡᠭᠦᠳᠴᠦ᠂ ᠲᠡᠰ ᠳᠡᠪᠰᠢᠭᠦᠯᠬᠦ ᠬᠠᠷᠠᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠪᠠᠭᠰᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠲᠡᠮᠡᠴᠡᠯ ᠢ ᠡᠷᠬᠢᠮᠯᠡᠵᠦ᠂ ᠰᠠᠶᠢᠬᠠᠨ ᠰᠤᠷᠲᠠᠯ ᠢ ᠪᠤᠢ ᠪᠤᠯᠭᠠᠵᠤ᠂ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠪᠠᠲᠤ ᠲᠠᠩᠭᠠᠷᠢᠭ ᠢ ᠦᠢᠯᠡᠳᠦᠯᠭᠡᠵᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠣᠷᠣᠯᠴᠠᠭᠴᠢ᠂ ᠲᠡᠮᠡᠴᠡᠭᠴᠢ᠂ ᠬᠤᠪᠢ ᠨᠡᠮᠡᠷᠢ ᠦᠵᠡᠭᠦᠯᠦᠭᠴᠢ ᠪᠤᠯᠬᠤ ᠬᠡᠷᠡᠭᠲᠡᠢ ᠭᠡᠵᠦ ᠵᠣᠷᠢᠭᠵᠢᠭᠤᠯᠪᠠ᠃    ᠸᠠᠩ ᠯᠢ ᠰᠢᠶᠠ ᠪᠠᠰᠠ ᠪᠠᠭᠰᠢ ᠶᠢᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠰᠠᠭᠤᠷᠢᠨ ᠤ ᠦᠷ᠎ᠡ ᠪᠦᠲᠦᠭᠡᠯ ᠢ ᠨᠠᠷᠢᠯᠢᠭ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠯᠦᠭᠡ ᠠᠭᠤᠰᠤᠯᠴᠠᠭᠤᠯᠵᠤ᠂ ᠰᠤᠳᠤᠯᠭᠠᠨ᠂ ᠵᠢᠭᠠᠨ ᠰᠤᠷᠭᠠᠯᠲᠠ᠂ ᠬᠥᠮᠥᠨ ᠢ ᠬᠥᠮᠥᠵᠢᠭᠦᠯᠬᠦ ᠶᠢ ᠤᠶᠠᠯᠳᠤᠭᠤᠯᠤᠨ ᠨᠠᠪᠲᠠᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠱᠠᠭᠠᠷᠳᠠᠪᠠ᠃    ᠶᠠᠩ ᠵᠢᠶᠧ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ