ᠰᠢ ᠶᠢᠨ ᠫᠢᠩ ᠳ᠋ᠢᠰᠠᠨᠠᠶᠠᠺ ᠤᠨ ᠰᠷᠢ ᠯᠠᠨᠺᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠦ᠋ᠯᠠ·ᠳ᠋ᠢᠰᠠᠨᠠᠶᠠᠺ ᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠨᠡᠶᠢᠭᠡᠮ ᠵᠢᠷᠤᠮᠲᠤ ᠰᠷᠢ ᠯᠠᠨᠺᠠ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ  ᠭᠠᠷᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠰᠷᠢ ᠯᠠᠨᠺᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ᠃ ᠳᠤᠮᠳᠠᠳᠤ ᠰᠷᠢ ᠯᠠᠨᠺᠠ ᠬᠠᠷᠢᠯᠴᠠᠭ᠎ᠠ ᠪᠠᠶᠢᠭᠤᠯᠤᠭᠰᠠᠨ 67 ᠵᠢᠯ ᠤᠨ ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠥ᠂ ᠠᠳᠠᠯᠢ ᠪᠤᠰᠤ ᠶᠡᠭᠡ ᠪᠠᠭ᠎ᠠ ᠤᠯᠤᠰ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠪᠢ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠳᠤᠮᠳᠠᠳᠤ ᠰᠷᠢ ᠯᠠᠨᠺᠠ ᠶᠢᠨ  ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠳᠤᠮᠳᠠᠳᠤ ᠰᠷᠢ ᠯᠠᠨᠺᠠ ᠶᠢᠨ ᠦᠨᠡᠨᠴᠢ ᠬᠠᠷᠢᠯᠴᠠᠨ ᠬᠠᠪᠰᠤᠷᠤᠯᠴᠠᠬᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠵᠠ ᠵᠢᠷᠭᠠᠯ ᠣᠯᠭᠤᠨ᠎ᠠ ᠭᠡᠵᠦ ᠵᠢᠭᠠᠵᠤ ᠭᠠᠷᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ