ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠲᠦ ᠶᠢᠨ ᠵᠣᠷᠢᠯᠲᠠ ᠲᠠᠢ ᠪᠠᠶᠢᠵᠤ᠂ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠠᠶᠠᠯᠢᠭᠵᠢᠭᠤᠯᠤᠨ ᠬᠥᠭᠵᠢᠭᠦᠯᠪᠡ᠃ ᠭᠦᠨᠵᠡᠭᠡᠢ ᠰᠤᠷᠤᠯᠴᠠᠨ ᠣᠶᠢᠯᠠᠭᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠥ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠬᠠᠤᠯᠢ ᠬᠠᠤᠯᠢ ᠴᠠᠭᠠᠵᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠠᠬᠢᠭᠤᠯᠵᠤ᠂ ᠬᠠᠤᠯᠢ ᠲᠣᠭᠲᠠᠭᠠᠬᠤ ᠬᠦᠷᠢᠶᠡᠨ ᠤ ᠥᠭᠡᠷᠡᠴᠢᠯᠡᠯᠲᠡ ᠶᠢ ᠦᠨᠡᠨ ᠬᠦ ᠰᠠᠶᠢᠲᠤᠷ ᠠᠳᠬᠤᠵᠤ᠂ ᠨᠢᠭᠡ ᠪᠦᠯᠦᠭ ︽ᠵᠢᠵᠢᠭ ᠭᠠᠷᠳᠠᠬᠤ ᠴᠡᠭ︾᠂ ᠨᠠᠷᠢᠯᠢᠭᠵᠢᠭᠤᠯᠤᠭᠰᠠᠨ᠂ ᠥᠪᠡᠷᠮᠢᠴᠡ ᠣᠨᠴᠠᠯᠢᠭ ᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠢᠳᠡᠪᠬᠢᠲᠡᠢ ᠭᠠᠷᠭᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ᠂ ᠨᠠᠮ ᠤᠨ ᠬᠤᠷᠢᠶ᠎ᠠ ᠶᠢᠨ ᠭᠤᠣᠯ ᠠᠵᠢᠯ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠲᠥᠰᠥᠪᠯᠡᠨ ᠠᠬᠢᠭᠤᠯᠵᠤ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ ᠬᠠᠲᠠᠭᠤ ᠴᠢᠨᠠᠷ ᠪᠠ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠤᠷᠮᠠᠰᠢᠭᠤᠯᠤᠨ ᠵᠢᠯᠤᠭᠤᠳᠬᠤ ᠬᠡᠷᠡᠭᠲᠡᠢ᠃ ︽ᠳᠥᠷᠪᠡᠨ ᠪᠠᠶᠢᠭᠤᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ  ᠬᠢᠨ ᠲᠥᠪ ᠤᠨ ᠥᠭᠡᠷᠡᠴᠢᠯᠡᠯᠲᠡ ᠶᠢᠨ ᠡᠭᠦᠷᠭᠡ ᠶᠢ ᠦᠨᠡᠨ ᠬᠦ ᠰᠠᠶᠢᠲᠤᠷ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠱᠠᠯᠠᠪᠳᠠᠨ ᠬᠥᠳᠡᠯᠦᠯᠴᠡᠵᠦ᠂ ᠰᠠᠶᠢᠲᠤᠷ ᠬᠢᠵᠦ᠂ ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ᠂ ᠰᠠᠯᠠᠭ᠎ᠠ ᠮᠥᠴᠢᠷ ᠤᠨ ᠡᠷᠬᠡ ᠶᠢ ᠪᠠᠭᠠᠰᠬᠠᠬᠤ ᠠᠴᠠ ᠭᠠᠷᠳᠠᠵᠤ᠂ ᠪᠣᠳᠠᠲᠠᠢ ᠶᠠᠪᠤᠳᠠᠯ ᠠᠴᠠ ᠭᠠᠷᠳᠠᠵᠤ᠂ ᠶᠠᠮᠠᠷ ᠠᠰᠠᠭᠤᠳᠠᠯ ᠲᠣᠪᠣᠶᠢᠮ᠎ᠠ ᠪᠠᠶᠢᠪᠠᠯ ᠲᠡᠭᠦᠨ ᠢ ᠥᠭᠡᠷᠡᠴᠢᠯᠡᠵᠦ᠂ ᠦᠷ᠎ᠡ ᠳ᠋ᠦᠩ ᠨᠢ ᠳᠣᠣᠷ᠎ᠠ ᠪᠠᠨ ᠮᠡᠳᠡᠭᠳᠡᠬᠦ ᠬᠤᠪᠢᠷᠠᠯᠲᠠ ᠶᠢ ᠱᠠᠯᠠᠪᠳᠠᠭᠤᠯᠤᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠳᠠᠯᠢ ᠴᠢᠭᠯᠡᠯ ᠢᠶᠠᠷ ᠬᠦᠴᠦᠯᠡᠬᠦ ᠶᠢ ᠴᠢᠬᠤᠯᠠᠴᠢᠯᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠪᠠᠲᠤᠯᠠᠬᠤ ᠬᠡᠷᠡᠭᠲᠡᠢ᠃ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠨ᠂ ᠴᠤᠭ ᠰᠦᠯᠳᠡ ᠪᠠᠨ ᠪᠠᠳᠠᠷᠠᠭᠤᠯᠵᠤ᠂ ᠱᠠᠯᠠᠪᠳᠠᠨ ᠠᠵᠢᠯᠯᠠᠵᠤ᠂ ᠨᠠᠮᠤᠷ ᠤᠨ ᠬᠤᠷᠢᠶᠠᠯᠲᠠ ᠶᠢ ᠪᠠᠲᠤᠯᠠᠬᠤ᠂ ᠠᠵᠤ ᠦᠢᠯᠡᠳᠪᠦᠷᠢ ᠶᠢ ᠲᠣᠭᠲᠠᠭᠤᠨ ᠪᠠᠶᠢᠯᠭᠠᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠢᠯ ᠤᠨ ᠡᠴᠦᠰ ᠲᠤ ᠰᠠᠶᠢᠨ ᠬᠤᠷᠢᠶᠠᠯᠲᠠ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠢ ᠱᠠᠯᠠᠪᠳᠠᠨ ᠰᠦᠪᠡᠭᠴᠢᠯᠡᠵᠦ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ