ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ  ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠰᠦᠨ ᠱᠤᠤ ᠴᠧᠩ ᠮᠠᠨ ᠤ ᠨᠠᠮ ᠤᠨ ᠬᠡᠯᠪᠡᠷᠢᠴᠢ ᠦᠵᠡᠯ ᠢ ᠡᠰᠡᠷᠭᠦᠴᠡᠭᠰᠡᠨ ᠥᠩᠭᠡᠷᠡᠯᠲᠡ ᠶᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠲᠠᠯ᠎ᠠ ᠪᠠᠷ ᠬᠢ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠶᠢ ᠳ᠋ᠦᠩᠨᠡᠵᠦ᠂ ᠣᠳᠣᠬᠠᠨ ᠤ ᠥᠪᠥᠷ ᠮᠣᠩᠭᠤᠯ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ ᠤᠨ ᠲᠣᠪᠣᠶᠢᠮ᠎ᠠ ᠠᠰᠠᠭᠤᠳᠠᠯ ᠵᠢᠴᠢ ᠪᠤᠢ ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠪᠠ᠃ ᠲᠡᠷᠡ᠂ ᠬᠡᠯᠪᠡᠷᠢᠴᠢ ᠦᠵᠡᠯ ᠪᠣᠯ ᠠᠷᠬᠠᠭ ᠬᠡᠮ ᠮᠥᠨ᠂ ᠬᠠᠭᠤᠴᠢᠨ ᠠᠰᠠᠭᠤᠳᠠᠯ ᠠᠮᠠᠷᠬᠠᠨ ᠳᠠᠬᠢᠨ ᠢᠯᠡᠷᠡᠬᠦ ᠪᠠᠷ ᠪᠠᠷᠠᠬᠤ ᠦᠭᠡᠢ ᠪᠠᠰᠠ ᠦᠷᠭᠦᠯᠵᠢ ᠰᠢᠨ᠎ᠡ ᠬᠤᠪᠢᠯᠪᠤᠷᠢ ᠭᠠᠷᠳᠠᠭ᠂ ᠢᠩᠭᠢᠬᠦ ᠲᠤᠲᠤᠮ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠨᠡᠩ ᠢᠯᠡᠭᠦᠦ ᠪᠠᠳᠠᠷᠠᠭᠤᠯᠵᠤ᠂ ᠣᠷᠳᠣ ᠬᠤᠭᠤᠴᠠᠭ᠎ᠠ ᠪᠠᠷ ᠵᠠᠯᠠᠷᠠᠭᠤᠯᠤᠨ ᠵᠠᠰᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠪᠠᠶᠢᠬᠤ ᠬᠡᠷᠡᠭᠲᠡᠢ ᠭᠡᠪᠡ᠃      ᠰᠦᠨ ᠱᠤᠤ ᠴᠧᠩ᠂ ᠬᠡᠯᠪᠡᠷᠢᠴᠢ ᠦᠵᠡᠯ ᠢ ᠤᠷᠳᠤ ᠬᠤᠭᠤᠴᠠᠭ᠎ᠠ ᠪᠠᠷ ᠵᠠᠰᠠᠭᠰᠠᠨ ᠴᠤ ᠠᠷᠢᠯᠭᠠᠵᠤ ᠴᠢᠳᠠᠬᠤ ᠦᠭᠡᠢ ᠪᠠᠶᠢᠬᠤ ᠶᠢᠨ ᠭᠤᠣᠯ ᠰᠢᠯᠲᠠᠭᠠᠨ ᠨᠢ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ᠲᠤ ᠪᠤᠢ᠃ ᠬᠡᠯᠪᠡᠷᠢᠴᠢ ᠦᠵᠡᠯ ᠢ ᠠᠷᠢᠯᠭᠠᠬᠤ ᠳᠤ ᠡᠷᠬᠡᠪᠰᠢ ᠠᠷᠤ ᠳᠠᠬᠢ ᠦᠨᠳᠦᠰᠦ ᠶᠢ  ᠨᠢ ᠮᠠᠯᠲᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ᠲᠦᠷᠦᠭᠦᠯᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ︾ ᠤᠨ ᠪᠠᠶᠢᠷᠢᠯᠠᠭᠤᠯᠤᠯᠲᠠ ᠪᠣᠯᠣᠨ ᠲᠥᠪ ᠤᠨ ︽ᠲᠣᠭᠲᠠᠭᠠᠯ ᠤᠳ︾ ᠤᠨ ᠱᠠᠭᠠᠷᠳᠠᠯᠭ᠎ᠠ ᠶᠣᠰᠣᠭᠠᠷ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠶᠣᠰᠣ ᠳᠦᠷᠢᠮ ᠲᠣᠭᠲᠠᠭᠠᠵᠤ᠂ ᠪᠥᠬᠦ ᠣᠷᠣᠨ ᠤ ᠡᠯ᠎ᠡ ᠱᠠᠲᠤᠨ ᠤ ᠬᠢᠨ ᠢ ᠬᠥᠲᠥᠯᠥᠨ ᠳᠠᠭᠠᠭᠤᠯᠵᠤ ᠪᠠᠶᠢᠭᠠᠳ ᠬᠡᠶᠢᠰᠪᠦᠷᠢ ᠶᠢ ᠴᠡᠭᠡᠷᠯᠡᠨ ᠪᠣᠳᠠᠲᠠᠢ ᠶᠢ ᠡᠷᠬᠢᠮᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠭᠦᠷᠭᠡ ᠪᠠᠭᠤᠯᠭᠠᠬᠤ ᠳᠠᠭᠠᠨ ᠦᠨᠡᠨ ᠠᠴᠠ ᠵᠥᠪ ᠢ ᠡᠷᠢᠵᠦ᠂ ᠰᠤᠳᠤᠯᠤᠨ ᠨᠤᠲᠠᠯᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠳᠤ ᠬᠠᠷᠢᠭᠤᠴᠠᠯᠭ᠎ᠠ ᠲᠠᠢ ᠨᠢ ᠬᠠᠷᠢᠯᠴᠠᠨ ᠵᠣᠬᠢᠴᠠᠯᠳᠤᠭᠰᠠᠨ ᠡᠬᠢ ᠪᠠᠶᠠᠯᠢᠭ ᠪᠠ ᠡᠷᠬᠡ ᠶᠢ ᠣᠯᠭᠤᠵᠤ᠂ ᠦᠨᠳᠦᠰᠦᠨ ᠱᠠᠲᠤᠨ ᠤ ᠲᠤᠰᠬᠠᠭᠰᠠᠨ ᠬᠦᠴᠢᠷᠳᠡᠯ ᠢ ᠰᠣᠨᠣᠰᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠠᠵᠢᠯ ᠳᠠᠭᠠᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠬᠠᠤᠯᠢ ᠬᠡᠷᠡᠭᠵᠢᠭᠦᠯᠬᠦ ᠳᠡᠭᠡᠨ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠶᠢ ᠶᠡᠬᠡᠪᠡᠷ ᠬᠡᠷᠡᠭᠵᠢᠭᠦᠯᠦᠨ᠂ ᠠᠰᠠᠭᠤᠳᠠᠯ ᠢ ᠣᠨᠤᠪᠴᠢᠲᠠᠢ ᠢᠯᠡᠷᠡᠭᠦᠯᠵᠦ᠂ ᠠᠰᠠᠭᠤᠳᠠᠯ ᠢ ᠦᠨᠡᠨ ᠮᠥᠨ ᠢᠶᠠᠷ ᠨᠢ ᠬᠠᠷᠢᠭᠤ ᠲᠤᠰᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠦᠨᠡᠨ ᠬᠦ ᠠᠵᠢᠯ ᠬᠢᠵᠦ᠂ ᠠᠵᠢᠯ ᠦᠢᠯᠡᠰ ᠪᠦᠲᠦᠭᠡᠳᠡᠭ ᠺᠠᠳ᠋ᠷ ᠢ ᠶᠡᠭᠡ ᠪᠠᠷ ᠳᠡᠪᠰᠢᠭᠦᠯᠦᠨ ᠬᠡᠷᠡᠭᠯᠡᠵᠦ᠂ ᠦᠨᠡᠨ ᠬᠦ ᠠᠳᠬᠤᠵᠤ ᠪᠣᠳᠠᠲᠠᠢ ᠠᠵᠢᠯᠯᠠᠳᠠᠭ ᠬᠥᠮᠥᠨ ᠳᠤ ᠪᠣᠳᠠᠲᠠᠢ ᠠᠰᠢᠭ ᠬᠦᠷᠲᠡᠭᠡᠵᠦ᠂ ᠦᠨᠡᠨᠴᠢ ᠰᠢᠳᠤᠷᠭᠤ ᠬᠥᠮᠥᠨ ᠢ ᠬᠤᠨᠵᠢᠭᠳᠠᠭᠤᠯᠬᠤ ᠦᠭᠡᠢ ᠪᠠᠶᠢᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢᠴᠢ ᠦᠵᠡᠯ ᠭᠠᠷᠭᠠᠭᠰᠠᠳ ᠢ ᠦᠷᠡᠭᠳᠡᠯ ᠭᠠᠷᠭᠠᠯᠭᠠᠵᠤ᠂ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠶᠡᠷᠦᠩᠬᠡᠶᠢᠯᠡᠪᠡᠯ᠂ ᠠᠷᠭ᠎ᠠ ᠪᠣᠳᠣᠯᠭ᠎ᠠ ᠲᠣᠭᠲᠠᠭᠠᠬᠤ ᠳᠠᠭᠠᠨ ︽ᠪᠣᠳᠠᠲᠠᠢ︾ ᠪᠠᠶᠢᠬᠤ᠂ ᠦᠷ᠎ᠡ ᠪᠦᠲᠦᠮᠵᠢ ᠶᠢ ᠠᠰᠠᠭᠤᠬᠤ ᠳᠠᠭᠠᠨ ︽ᠪᠣᠳᠠᠲᠠᠢ︾ ᠪᠠᠶᠢᠬᠤ᠂ ᠦᠨᠡᠯᠡᠬᠦ ᠳᠡᠭᠡᠨ ︽ᠪᠣᠳᠠᠲᠠᠢ︾ ᠪᠠᠶᠢᠬᠤ ᠶᠢ ᠴᠢᠬᠤᠯᠠᠴᠢᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠡᠯᠪᠡᠷᠢᠴᠢ ᠦᠵᠡᠯ ᠡᠭᠦᠰᠬᠦ ᠬᠥᠷᠥᠰᠥ ᠰᠢᠷᠣᠢ ᠶᠢ ᠲᠠᠰᠤᠷᠠᠯᠳᠠ ᠦᠭᠡᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠦᠨᠡᠨ ᠬᠦ ᠠᠳᠬᠤᠵᠤ ᠪᠣᠳᠠᠲᠠᠢ ᠠᠵᠢᠯᠯᠠᠬᠤ ᠠᠵᠢᠯᠯᠠᠭᠴᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠣᠳᠠᠲᠠᠢ ᠠᠵᠢᠯᠯᠠᠭᠴᠢ ᠪᠣᠯᠭᠠᠬᠤ ᠬᠡᠷᠡᠭᠲᠡᠢ ᠭᠡᠪᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ