ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠦᠭᠦ ᠪᠠᠭᠰᠢ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ᠂ | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ᠂ ᠪᠦᠭᠦ ᠰᠤᠷᠭᠠᠭᠤᠯᠢ ᠶᠢᠨ ᠪᠠᠭᠰᠢ | ᠰᠣᠷᠣᠬᠴᠢ ᠠᠵᠢᠯᠲᠠᠨ᠂ ᠥᠷᠭᠡᠨ ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠ ᠨᠠᠷ ᠤᠨ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠡᠷᠭᠢᠯᠡᠭᠦ ᠣᠨᠴᠠᠯᠢᠭ ᠢ | ᠳᠤᠪᠤᠶᠢᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢᠶᠠᠨ | ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠨᠡᠩ ᠤᠯᠠᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠴᠢᠳᠠᠪᠤᠷᠢᠲᠠᠨ ᠢ ᠴᠢᠷᠮᠠᠶᠢᠨ | ᠬᠥᠮᠥᠵᠢᠭᠦᠯᠵᠦ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠣᠯ ᠤᠤᠯ ᠤᠨ 1954 ᠣᠨ ᠳᠤ ᠪᠠᠶᠢᠭᠤᠯᠤᠭᠳᠠᠭᠰᠠᠨ ᠲᠥᠪ ᠤᠨ ᠷᠠᠳᠢᠣ᠋ | ᠨᠡᠪᠲᠡᠷᠡᠭᠦᠯᠭᠡ ᠶᠢᠨ ᠠᠵᠢᠯ ᠦᠢᠯᠡᠰ ᠤᠨ ᠲᠣᠪᠴᠢᠶᠠᠨ ᠤ ᠮᠡᠷᠭᠡᠵᠢᠯ ᠤᠨ ᠠᠵᠢᠯᠲᠠᠨ ᠤ ᠪᠣᠯᠪᠠᠰᠤᠷᠠᠯ ᠤᠨ ᠠᠩᠭᠢ ᠪᠠᠶᠢᠵᠤ᠂ 2004 ᠣᠨ ᠳᠤ ᠪᠡᠭᠡᠵᠢᠩ ᠤᠨ ᠷᠠᠳᠢᠣ᠋ | ᠨᠡᠪᠲᠡᠷᠡᠭᠦᠯᠭᠡ ᠶᠢᠨ ᠳᠡᠭᠡᠳᠦ ᠰᠤᠷᠭᠠᠭᠤᠯᠢ ᠠᠴᠠ ᠪᠠᠨ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠭᠡᠵᠦ ᠨᠡᠷ᠎ᠡ ᠪᠠᠨ ᠬᠠᠯᠠᠪᠠ᠃ ᠣᠶᠢᠷ᠎ᠠ ᠳᠤ | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠦᠭᠦ ᠪᠠᠭᠰᠢ ᠰᠤᠷᠤᠬᠴᠢᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ | ᠰᠤᠷᠭᠠᠭᠤᠯᠢ ᠪᠠᠶᠢᠭᠤᠯᠤᠭᠳᠠᠭᠰᠠᠨ 70 ᠵᠢᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠭᠠᠭᠤᠯᠢ ᠡᠷᠭᠢᠯᠡᠭᠰᠡᠨ ᠦᠷ᠎ᠡ | ᠪᠦᠲᠦᠭᠡᠯ ᠢᠶᠠᠨ ᠬᠠᠷᠢᠭᠤ ᠮᠡᠳᠡᠭᠦᠯᠵᠦ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠨᠠᠩ ᠰᠠᠶᠢᠲᠤᠷ ᠦᠢᠯᠡᠴᠢᠯᠡᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠵᠣᠷᠢᠭ ᠢᠶᠠᠨ ᠢᠯᠡᠳᠬᠡᠵᠡᠭᠡᠪᠡ᠃ | | |