ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/9/3
      ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ      9 ᠰᠠᠷ᠎ᠠ ᠶᠢᠨ 1 ᠤ ᠡᠳᠦᠷ ᠬᠡᠪᠯᠡᠭᠳᠡᠭᠰᠡᠨ 17 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ᠵᠣᠬᠢᠶᠠᠯ ᠳᠤ᠂ ᠶᠠᠮᠠᠷ ᠬᠥᠮᠥᠨ ᠢ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠣᠨ᠎ᠠ᠃ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠡᠨᠡ ᠨᠢ ᠮᠠᠨ ᠤ ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠠᠨ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠥᠯᠥᠭᠡ ᠨᠠᠰᠤᠨ ᠲᠤᠷᠰᠢᠲᠠ ᠲᠡᠮᠡᠴᠡᠬᠦ ᠪᠠᠷ ᠵᠣᠷᠢᠭ ᠰᠢᠭᠤᠳᠤᠭᠰᠠᠨ ᠦᠶ᠎ᠡ ᠦᠶ᠎ᠡ ᠶᠢᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠳᠡᠭ ᠢ ᠲᠣᠭᠲᠠᠭᠠᠵᠠᠢ᠃ ᠪᠦᠭᠦᠳᠡᠭᠡᠷ ᠬᠥᠮᠥᠨ ᠢ ᠬᠥᠮᠥᠵᠢᠭᠦᠯᠬᠦ᠂ ᠪᠦᠭᠦ ᠶᠠᠪᠤᠴᠠ ᠪᠠᠷ ᠬᠥᠮᠥᠨ ᠢ ᠬᠥᠮᠥᠵᠢᠭᠦᠯᠬᠦ᠂ ᠪᠦᠭᠦ ᠲᠠᠯ᠎ᠠ ᠪᠠᠷ ᠬᠥᠮᠥᠨ ᠢ ᠬᠥᠮᠥᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠡᠨᠡ ᠪᠣᠯ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠮᠥᠨ᠂ ᠪᠠᠰᠠ ᠴᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠴᠢᠭᠯᠡᠯ ᠬᠠᠷᠠᠯᠲᠠ ᠮᠥᠨ ᠭᠡᠵᠦ ᠴᠢᠬᠤᠯᠠᠴᠢᠯᠠᠪᠠ᠃      ᠵᠣᠬᠢᠶᠠᠯ ᠳᠤ᠂ ᠪᠢᠳᠡᠨ ᠤ ᠬᠥᠮᠥᠵᠢᠭᠦᠯᠬᠦ ᠭᠡᠵᠦ ᠪᠠᠶᠢᠭ᠎ᠠ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠠᠮᠠᠷᠰᠢᠤ ᠦᠨᠳᠦᠰᠦᠨ ᠬᠡᠪ ᠪᠣᠯᠪᠠᠰᠤᠷᠠᠯ ᠪᠣᠯᠣᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠯᠳᠦᠭᠦᠯᠪᠡᠯ ᠵᠣᠬᠢᠬᠤ ᠪᠤᠢ᠂ ᠬᠡᠷᠬᠢᠨ ᠬᠥᠮᠥᠵᠢᠭᠦᠯᠬᠦ ᠪᠤᠢ ᠭᠡᠪᠡᠯ ᠵᠠᠩᠭᠢᠯᠠᠭ᠎ᠠ ᠨᠢ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠪᠠᠶᠢᠨ᠎ᠠ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠮᠠᠨ ᠤ ᠬᠥᠮᠥᠵᠢᠭᠦᠯᠵᠦ ᠪᠠᠶᠢᠭ᠎ᠠ ᠬᠥᠮᠥᠨ ᠡᠷᠬᠡᠪᠰᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠤᠢ ᠪᠤᠯᠭᠠᠬᠤ ᠬᠡᠷᠡᠭᠲᠡᠢ᠃ ᠰᠤᠷᠤᠬᠴᠢᠳ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠴᠢᠩᠭᠠᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ ᠪᠠᠷ ᠵᠣᠷᠢᠭ ᠰᠢᠭᠤᠳᠬᠤ ᠬᠡᠷᠡᠭᠲᠡᠢ᠃ ᠬᠤᠶᠠᠷ ᠲᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦᠲᠡᠨ ᠤ ᠰᠡᠳᠬᠢᠯ᠂ ᠦᠨᠳᠦᠰᠦᠲᠡᠨ ᠤ ᠰᠦᠭ ᠰᠦᠨᠡᠰᠦ ᠮᠥᠨ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠡᠩ ᠲᠡᠷᠢᠭᠦᠨ ᠳᠤ ᠰᠤᠷᠤᠬᠴᠢᠳ ᠤᠨ ᠡᠬᠡ ᠣᠷᠣᠨᠴᠢ ᠰᠡᠳᠬᠢᠯᠭᠡ ᠶᠢ ᠬᠥᠮᠥᠵᠢᠭᠦᠯᠬᠦ ᠬᠡᠷᠡᠭᠲᠡᠢ᠃ ᠰᠤᠷᠤᠬᠴᠢᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠢ ᠬᠠᠶᠢᠷᠠᠯᠠᠨ ᠬᠦᠷᠢᠶᠡᠯᠡᠵᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ ᠪᠠᠷ ᠵᠣᠷᠢᠭ ᠰᠢᠭᠤᠳᠴᠤ᠂ ᠠᠷᠠᠳ ᠲᠦᠮᠡᠨ ᠤ ᠳᠤᠮᠳᠠ ᠦᠨᠳᠦᠰᠦᠯᠡᠬᠦ᠂ ᠤᠯᠤᠰ ᠣᠷᠣᠨ ᠳᠠᠭᠠᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ᠃ ᠭᠤᠷᠪᠠ ᠳᠤ᠂ ᠵᠠᠩ ᠮᠣᠷᠠᠯ ᠤᠨ ᠪᠣᠯᠪᠠᠰᠤᠷᠠᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠣᠰᠣ ᠰᠤᠷᠲᠠᠬᠤᠨ ᠢ ᠲᠡᠷᠢᠭᠦᠨ ᠳᠤ ᠲᠠᠯᠪᠢᠵᠤ᠂ ᠪᠡᠶ᠎ᠡ ᠪᠠᠨ ᠵᠠᠰᠠᠬᠤ ᠪᠠᠷ ᠦᠨᠳᠦᠰᠦ ᠪᠤᠯᠭᠠᠬᠤ ᠪᠣᠯ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠦᠨᠳᠦᠰᠦᠨ ᠯᠣᠭᠢᠭ ᠮᠥᠨ᠃ ᠰᠤᠷᠤᠬᠴᠢᠳ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠢᠶᠠᠷ ᠪᠡᠶ᠎ᠡ ᠪᠠᠨ ᠴᠢᠮᠡᠬᠦ᠂ ᠨᠡᠶᠢᠲᠡ ᠶᠢᠨ ᠶᠣᠰᠣ ᠰᠤᠷᠲᠠᠬᠤᠨ ᠴᠠᠶᠢᠯᠭᠠᠨ ᠰᠡᠳᠬᠢᠯ ᠲᠠᠢ ᠪᠠᠶᠢᠬᠤ᠂ ᠶᠡᠭᠡ ᠶᠣᠰᠣ ᠰᠤᠷᠲᠠᠬᠤᠨ ᠢᠶᠠᠷ ᠰᠦᠭ ᠰᠦᠨᠡᠰᠦ ᠶᠢ ᠱᠤᠭᠤᠬᠤ ᠶᠢ ᠪᠡᠶᠡᠯᠡᠭᠦᠯᠵᠦ᠂ ᠯᠠᠪᠳᠠᠭᠤᠨ ᠪᠠᠲᠤᠲᠠᠢ ᠪᠠᠷ ᠶᠣᠰᠣ ᠰᠤᠷᠲᠠᠬᠤᠨ ᠢᠶᠠᠨ ᠱᠤᠭᠤᠵᠤ᠂ ᠶᠡᠭᠡ ᠬᠠᠶᠢᠷ᠎ᠠ ᠶᠡᠭᠡ ᠶᠣᠰᠣ ᠰᠤᠷᠲᠠᠬᠤᠨ ᠶᠡᠭᠡ ᠬᠠᠶᠢᠷ᠎ᠠ ᠰᠡᠳᠬᠢᠯᠭᠡ ᠲᠠᠢ ᠬᠥᠮᠥᠨ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠳᠥᠷᠪᠡ ᠳᠤ᠂ ᠮᠡᠳᠡᠯᠭᠡ ᠮᠡᠳᠡᠴᠡ ᠪᠠᠨ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠮᠡᠳᠡᠯᠭᠡ ᠰᠤᠷᠤᠯᠴᠠᠬᠤ ᠪᠣᠯ ᠰᠤᠷᠤᠬᠴᠢ ᠶᠢᠨ ᠲᠤᠬᠠᠶᠢᠯᠠᠭᠰᠠᠨ ᠠᠵᠢᠯ ᠪᠣᠯᠣᠨ᠎ᠠ᠃ ᠰᠤᠷᠤᠬᠴᠢᠳ ᠢ ᠰᠤᠷᠤᠯᠴᠠᠬᠤ ᠴᠠᠭ ᠮᠥᠴᠡ ᠪᠠᠨ ᠨᠠᠨᠳᠢᠩᠨᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠳᠡᠮ ᠮᠡᠳᠡᠯᠭᠡ ᠰᠤᠷᠴᠤ᠂ ᠰᠤᠷᠤᠯᠴᠠᠬᠤ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠮᠡᠳᠡᠯᠭᠡ ᠮᠡᠳᠡᠴᠡ ᠪᠠᠨ ᠪᠠᠶᠠᠯᠢᠭᠵᠢᠭᠤᠯᠵᠤ᠂ ᠦᠨᠡᠨ ᠶᠣᠰᠣ ᠶᠢ ᠡᠷᠢᠯᠬᠢᠯᠡᠬᠦ᠂ ᠶᠣᠰᠣ ᠤᠴᠢᠷ ᠢ ᠤᠬᠠᠬᠤ᠂ ᠤᠴᠢᠷ ᠶᠣᠰᠣ ᠶᠢ ᠣᠶᠢᠯᠠᠭᠠᠬᠤ ᠴᠢᠭᠯᠡᠯ ᠢᠶᠠᠷ ᠤᠷᠤᠭᠰᠢᠯᠠᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ᠃ ᠲᠠᠪᠤ ᠳᠤ᠂ ᠲᠡᠮᠡᠴᠡᠯ ᠤᠨ ᠵᠣᠷᠢᠭ ᠰᠠᠨᠠᠭ᠎ᠠ ᠶᠢ ᠬᠥᠮᠥᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠤᠷᠤᠬᠴᠢᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠠᠯᠤᠰ ᠭᠡᠲᠦ ᠶᠢᠨ ᠬᠦᠰᠡᠯ ᠵᠣᠷᠢᠯᠲᠠ ᠲᠠᠢ ᠪᠤᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠥᠬᠦᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠳᠠᠪᠲᠠᠨ ᠪᠤᠯᠪᠠᠰᠤᠷᠠᠭᠤᠯᠵᠤ᠂ ᠵᠣᠷᠢᠭᠲᠠᠢ ᠪᠠᠷ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ᠂ ᠪᠠᠶᠠᠰᠤᠩᠭᠤᠢ ᠥᠭᠡᠳᠡᠷᠬᠡᠭ ᠠᠮᠢᠳᠤᠷᠠᠬᠤᠢ ᠶᠢᠨ ᠣᠪᠣᠷ ᠲᠠᠢ ᠪᠤᠯᠭᠠᠵᠤ᠂ ᠮᠡᠳᠡᠬᠦ ᠬᠢᠬᠦ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠳᠣᠷᠪᠢᠯᠢᠭ ᠠᠵᠢᠯᠯᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠵᠢᠷᠭᠤᠭ᠎ᠠ ᠳᠤ᠂ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠡᠷᠬᠡᠪᠰᠢ ᠪᠦᠭᠦ ᠲᠠᠯ᠎ᠠ ᠪᠠᠷ ᠬᠥᠭᠵᠢᠬᠦ ᠬᠡᠷᠡᠭᠲᠡᠢ᠃ ᠰᠤᠷᠤᠬᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠬᠥᠮᠥᠵᠢᠭᠦᠯᠵᠦ ᠬᠥᠲᠥᠯᠥᠨ ᠵᠢᠯᠤᠭᠤᠳᠴᠤ᠂ ᠰᠢᠨ᠎ᠡ ᠶᠢ ᠡᠭᠦᠳᠬᠦ ᠰᠡᠳᠬᠢᠬᠦᠢ ᠶᠢ ᠬᠥᠮᠥᠵᠢᠭᠦᠯᠬᠦ ᠬᠡᠷᠡᠭᠲᠡᠢ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠤᠶ ᠪᠤᠯᠭᠠᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠬᠦ ᠬᠡᠷᠡᠭᠲᠡᠢ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠰᠤᠷᠤᠬᠴᠢᠳ ᠤᠨ ᠭᠤᠸ᠎ᠠ ᠰᠠᠶᠢᠬᠠᠨ ᠤ ᠲᠠᠭᠠᠰᠢᠶᠠᠯ ᠪᠠ ᠬᠥᠮᠥᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠰᠤᠷᠤᠬᠴᠢᠳ ᠤᠨ ᠳᠤᠮᠳᠠ ᠭᠦᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠬᠴᠢᠳ ᠢ ᠭᠦᠳᠡᠯᠮᠦᠷᠢ ᠶᠢ ᠡᠷᠭᠢᠮᠯᠡᠭᠦ᠂ ᠭᠦᠳᠡᠯᠮᠦᠷᠢ ᠶᠢ ᠬᠦᠨᠳᠦᠳᠬᠡᠬᠦ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠮᠥᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠴᠢᠳᠠᠪᠤᠷᠢᠲᠠᠨ ᠬᠥᠮᠥᠵᠢᠭᠦᠯᠬᠦ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠢᠨᠵᠢᠯᠡᠭᠡᠨ ᠤ ᠰᠢᠰᠲ᠋ᠧᠮ᠂ ᠵᠢᠭᠠᠨ ᠰᠤᠷᠭᠠᠯᠲᠠ ᠶᠢᠨ ᠰᠢᠰᠲ᠋ᠧᠮ᠂ ᠵᠢᠭᠠᠬᠤ ᠮᠠᠲ᠋ᠧᠷᠢᠶᠠᠯ ᠤᠨ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ ᠢ ᠡᠨᠡ ᠬᠦ ᠬᠠᠷᠠᠯᠲᠠ ᠶᠢᠨ ᠲᠣᠭᠤᠷᠢᠨ ᠳᠤ ᠵᠢᠷᠤᠨ ᠲᠥᠯᠥᠪᠯᠡᠵᠦ᠂ ᠪᠠᠭᠰᠢ ᠨᠠᠷ ᠡᠨᠡ ᠬᠦ ᠬᠠᠷᠠᠯᠲᠠ ᠶᠢᠨ ᠲᠣᠭᠤᠷᠢᠨ ᠳᠤ ᠵᠢᠭᠠᠨ ᠰᠤᠷᠭᠠᠬᠤ ᠬᠡᠷᠡᠭᠲᠡᠢ᠂ ᠰᠤᠷᠤᠬᠴᠢᠳ ᠡᠨᠡ ᠬᠦ ᠬᠠᠷᠠᠯᠲᠠ ᠶᠢᠨ ᠲᠣᠭᠤᠷᠢᠨ ᠳᠤ ᠰᠤᠷᠤᠯᠴᠠᠬᠤ ᠬᠡᠷᠡᠭᠲᠡᠢ᠃ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠠᠰᠢᠭ ᠦᠭᠡᠢ ᠠᠷᠭ᠎ᠠ ᠬᠢᠳᠡᠯ ᠪᠦᠭᠦᠨ ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠃ ᠵᠢᠭᠠᠬᠤ ᠮᠠᠲ᠋ᠧᠷᠢᠶᠠᠯ ᠪᠣᠯ ᠮᠡᠳᠡᠯᠭᠡ ᠶᠢ ᠤᠯᠠᠮᠵᠢᠯᠠᠬᠤ ᠭᠤᠣᠯ ᠠᠴᠢᠶᠠᠯᠠᠪᠤᠷᠢ ᠮᠥᠨ᠂ ᠲᠡᠷᠡ ᠨᠢ ᠨᠢᠭᠡ ᠤᠯᠤᠰ᠂ ᠨᠢᠭᠡ ᠦᠨᠳᠦᠰᠦᠲᠡᠨ ᠤ ᠦᠷᠳᠡᠭ ᠤᠨ ᠦᠵᠡᠯᠲᠡ ᠶᠢᠨ ᠰᠢᠰᠲ᠋ᠧᠮ ᠢ ᠢᠯᠡᠷᠡᠭᠦᠯᠵᠦ᠂ ᠪᠠᠭᠰᠢ ᠶᠢᠨ ᠵᠢᠭᠠᠨ ᠰᠤᠷᠭᠠᠯᠲᠠ᠂ ᠰᠤᠷᠤᠬᠴᠢᠳ ᠤᠨ ᠰᠤᠷᠤᠯᠴᠠᠯᠭ᠎ᠠ ᠶᠢᠨ ᠴᠢᠬᠤᠯᠠ ᠪᠠᠭᠠᠵᠢ ᠪᠣᠯᠵᠤ ᠪᠠᠶᠢᠳᠠᠭ᠃ ᠵᠢᠭᠠᠬᠤ ᠮᠠᠲ᠋ᠧᠷᠢᠶᠠᠯ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠱᠠᠭᠠᠷᠳᠠᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠪᠠ ᠳᠤᠮᠳᠠᠳᠤ ᠶᠢᠨ ᠦᠨᠳᠦᠰᠦᠲᠡᠨ ᠤ ᠬᠡᠪ ᠨᠠᠮᠪᠠ ᠶᠢ ᠢᠯᠡᠷᠡᠭᠦᠯᠵᠦ᠂ ᠨᠠᠮ ᠪᠠ ᠤᠯᠤᠰ ᠤᠨ ᠰᠤᠷᠭᠠᠨ ᠬᠥᠮᠦᠵᠢᠯ ᠳᠠᠬᠢ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠤᠯᠤᠰ ᠪᠠ ᠦᠨᠳᠦᠰᠦᠲᠡᠨ ᠤ ᠦᠨᠳᠦᠰᠦᠨ ᠥᠷᠲᠡᠭ ᠤᠨ ᠦᠵᠡᠯᠲᠡ ᠶᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠰᠣᠶᠣᠯ ᠤᠨ ᠮᠡᠳᠡᠯᠭᠡ ᠶᠢᠨ ᠬᠤᠷᠠᠮᠳᠤᠭᠤᠯᠤᠯ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ