ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ - ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠴᠢᠩᠳᠠᠯᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠥᠲᠥᠯᠥᠨ ᠵᠢᠯᠣᠭᠤᠳᠤᠨ᠎ᠠ
ᠨᠡᠶᠢᠲᠡᠯᠡᠭᠰᠡᠨ ᠴᠠᠭ᠄
2024/9/3
      ᠶᠡᠷᠦᠩᠬᠡᠢ ᠱᠦᠵᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠪᠦᠭᠦ ᠨᠠᠮ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠴᠢᠭᠯᠡᠯ ᠢ ᠲᠣᠳᠣᠷᠬᠠᠢ ᠵᠢᠭᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠵᠥ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠶᠢᠯᠠᠵᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠬᠤ ᠶᠢ ᠬᠥᠮᠥᠵᠢᠭᠦᠯᠦᠨ ᠵᠢᠯᠤᠭᠤᠳᠴᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ᠂ ᠱᠠᠩᠬᠠᠢ ᠬᠤᠳᠠ ᠶᠢᠨ ᠵᠢᠩ ᠠᠨ ᠲᠣᠭᠤᠷᠢᠭ ᠤᠨ ᠫᠧᠩ ᠫᠦ᠋ ᠰᠢᠨ᠎ᠡ ᠲᠣᠰᠬᠤᠨ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ᠂ ᠺᠠᠳ᠋ᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠶᠠᠳᠤᠭᠠᠷ ᠶᠡᠭᠡ ᠬᠤᠷᠠᠯ ᠬᠤᠷᠠᠯᠳᠤᠵᠤ ᠥᠩᠭᠡᠷᠡᠭᠰᠡᠨ ᠭᠠᠵᠠᠷ ᠤᠨ ᠳᠤᠷᠠᠰᠬᠠᠯ ᠤᠨ ᠣᠷᠳᠣᠨ ᠳᠤ ᠣᠯᠠᠨᠲᠠ ᠬᠦᠷᠴᠦ᠂ ᠴᠣ ᠰᠢᠨ᠎ᠡ ᠪᠠᠷ ᠳᠡᠯᠭᠡᠨ ᠦᠵᠡᠭᠦᠯᠦᠭᠰᠡᠨ ︽ᠥᠨᠢᠳᠡ ᠶᠢᠨ ᠲᠤᠭ︾ ᠨᠠᠮ ᠤᠨ ᠳᠦᠷᠢᠮ ᠤᠨ ᠰᠤᠷᠤᠯᠴᠠᠯᠭ᠎ᠠ ᠶᠢᠨ ᠨᠡᠭᠦᠳᠡᠯ ᠬᠢᠴᠢᠶᠡᠯ ᠤᠨ ᠭᠡᠷ ᠲᠤ᠂ ᠨᠠᠮ ᠤᠨ ᠰᠠᠬᠢᠯᠭ᠎ᠠ ᠪᠠᠲᠤ ᠴᠢᠩᠭ᠎ᠠ ᠪᠠᠶᠢᠬᠤ ᠢᠷᠠᠭᠤ ᠠᠯᠳᠠᠷᠲᠤ ᠤᠯᠠᠮᠵᠢᠯᠠᠯ ᠪᠣᠯᠣᠨ ᠥᠪᠡᠷᠮᠢᠴᠡ ᠳᠠᠪᠠᠭᠤᠯᠢᠭ ᠢ ᠣᠶᠢᠯᠠᠭᠠᠪᠠ᠃      ᠲᠡᠷᠡ ᠳᠠᠷᠤᠢ ᠳᠤᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠰᠤᠷᠤᠯᠴᠠᠵᠦ᠂ ᠫᠧᠩ ᠫᠦ᠋ ᠰᠢᠨ᠎ᠡ ᠲᠣᠰᠬᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠷᠧᠨ ᠸᠧᠢ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠲᠠᠮᠵᠢᠨ᠂ ᠪᠢᠳᠡ ᠨᠠᠮ ᠤᠨ ᠳᠦᠷᠢᠮ  ᠪᠣᠯᠣᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ﹀ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠨᠢᠯᠲᠠ ᠲᠠᠢ ᠪᠣᠯᠵᠠᠢ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠭᠦᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠦᠨᠡᠨ ᠬᠦ ᠠᠳᠬᠤᠨ ᠪᠣᠳᠠᠲᠠᠢ ᠰᠤᠷᠤᠯᠴᠠᠵᠤ᠂  ᠶᠠᠰᠤ ᠴᠢᠨᠠᠷ ᠲᠠᠢ ᠰᠤᠷᠤᠯᠴᠠᠵᠤ᠂ ᠦᠷ᠎ᠡ ᠪᠦᠲᠦᠮᠵᠢ ᠭᠠᠷᠭᠠᠨ ᠰᠤᠷᠤᠯᠴᠠᠨ᠎ᠠ︾ ᠭᠡᠵᠦ ᠢᠯᠡᠳᠬᠡᠪᠡ᠃      ᠬᠤᠪᠢᠰᠬᠠᠯ ᠤᠨ ᠭᠤᠯᠣᠮᠲᠠ ᠰᠢ ᠪᠠᠢ ᠫᠥᠸᠧ ᠳᠤ᠂ ᠲᠣᠭᠤᠷᠢᠨ ᠦᠵᠡᠵᠦ ᠰᠤᠷᠤᠯᠴᠠᠭᠰᠠᠳ ᠲᠠᠰᠤᠷᠠᠯᠳᠠ ᠦᠭᠡᠢ ᠦᠷᠭᠦᠯᠵᠢᠯᠡᠨ᠎ᠡ᠃      ︽ᠠᠳᠡ ᠪᠣᠯ ᠶᠣᠰᠣ ᠳᠦᠷᠢᠮ ᠢ ᠲᠣᠭᠲᠠᠭᠠᠭᠰᠠᠨ ᠭᠠᠵᠠᠷ ᠮᠥᠨ᠃ ᠨᠠᠮ ᠤᠨ ᠶᠣᠰᠣ ᠳᠦᠷᠢᠮ᠂ ᠳᠦᠷᠢᠮ ᠤᠨ ᠪᠠᠶᠢᠭᠤᠯᠤᠯᠲᠠ ᠪᠠ ᠬᠡᠷᠡᠭᠵᠢᠭᠦᠯᠦᠯᠲᠡ ᠨᠢ ᠨᠠᠮ ᠤᠨ ᠰᠤᠷᠲᠠᠯ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ︾᠃ ᠰᠢ ᠪᠠᠢ ᠫᠥᠸᠧ ᠶᠢᠨ ᠨᠡᠷ᠎ᠡ ᠠᠯᠳᠠᠷᠲᠤ ᠶᠢᠰᠦᠨ ᠰᠠᠷ᠎ᠠ ᠶᠢᠨ ᠬᠤᠷᠠᠯ ᠤᠨ ᠬᠠᠭᠤᠴᠢᠨ ᠪᠠᠭᠤᠷᠢ ᠳᠤ᠂ ᠶᠡᠷᠦᠩᠬᠡᠢ ᠱᠦᠵᠢ ᠰᠢ ᠶᠢᠨ ᠫᠢᠩ ︽ᠶᠣᠰᠣ ᠳᠦᠷᠢᠮ ᠲᠣᠭᠲᠠᠭᠠᠬᠤ︾ ᠶᠢᠨ ᠴᠢᠬᠤᠯᠠ ᠠᠴᠢ ᠬᠤᠯᠪᠣᠭᠳᠠᠯ ᠢ ᠭᠤᠣᠯᠳᠠᠯᠭ᠎ᠠ  ᠲᠠᠢ ᠴᠢᠬᠤᠯᠠᠴᠢᠯᠠᠵᠤ ᠥᠩᠭᠡᠷᠡᠪᠡ᠃ ᠡᠨᠡ ᠤᠳᠠᠭᠠᠨ ᠤ ᠴᠢᠬᠤᠯᠠ ᠵᠢᠭᠠᠪᠤᠷᠢ ᠳᠤ ᠶᠡᠷᠦᠩᠬᠡᠢ ᠱᠦᠵᠢ᠂ ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠠᠳᠬᠤᠬᠤ ᠤᠷᠲᠤ ᠬᠤᠭᠤᠴᠠᠭ᠎ᠠ ᠪᠠᠷ ᠠᠳᠬᠤᠬᠤ ᠶᠢ ᠠᠬᠢᠭᠤᠯᠬᠤ ᠨᠢ ᠳᠠᠷᠤᠢ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠳᠠᠭᠠᠭᠤᠯᠵᠤ ᠪᠠᠶᠢᠭᠠᠳ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ︾᠃ ᠾᠧᠪᠧᠢ ᠮᠤᠵᠢ ᠶᠢᠨ ᠫᠢᠩ ᠱᠠᠨ ᠰᠢᠶᠠᠨ ᠤ ᠰᠢ ᠪᠠᠢ ᠫᠥᠸᠧ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠹᠧᠩ ᠴᠤᠸᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠨ ᠰᠠᠶᠢᠲᠤᠷ ᠠᠳᠬᠤᠵᠤ᠂ ᠰᠡᠭᠦᠯ ᠬᠤᠷᠢᠶᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠲᠠᠬᠢ ᠰᠠᠬᠢᠯᠭ᠎ᠠ ᠪᠠᠲᠤ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠣᠨᠣᠯ ᠰᠤᠷᠤᠯᠴᠠᠬᠤ ᠳᠠᠭᠠᠨ ᠰᠢᠨᠲᠠᠷᠠᠰᠢ ᠦᠭᠡᠢ᠂ ᠪᠡᠶ᠎ᠡ ᠪᠠᠨ ᠴᠢᠩᠭ᠎ᠠ ᠱᠠᠭᠠᠷᠳᠠᠬᠤ ᠳᠠᠭᠠᠨ ᠴᠠᠭ ᠢᠮᠠᠭᠲᠠ ᠰᠤᠯᠠᠷᠠᠭᠤᠯᠤᠯ ᠦᠭᠡᠢ᠂ ᠠᠷᠠᠳ ᠲᠦᠮᠡᠨ ᠳᠤ ᠦᠢᠯᠡᠴᠢᠯᠡᠬᠦ ᠳᠡᠭᠡᠨ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠪᠡ᠃      ᠳᠠᠭᠠᠭᠤᠯᠤᠨ ᠰᠤᠷᠤᠯᠴᠠᠵᠤ ᠥᠪᠡᠰᠦᠪᠡᠨ ᠰᠤᠷᠤᠯᠴᠠᠵᠤ᠂ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠰᠠᠨᠠᠯ ᠢᠶᠠᠨ ᠰᠣᠯᠢᠯᠴᠠᠨ ᠦᠭᠡ ᠬᠡᠯᠡᠨ᠎ᠡ ᠁ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠨᠠᠮ ᠤᠨ ᠭᠡᠰᠢᠭᠦᠨ᠂ ᠺᠠᠳ᠋ᠷ ᠤᠯᠠᠨ ᠵᠦᠢᠯ ᠤᠨ ᠭᠡᠯᠪᠡᠷᠢ ᠪᠠᠷ ᠰᠤᠷᠤᠯᠴᠠᠯᠭ᠎ᠠ ᠶᠢ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢ ᠬᠥᠮᠥᠰ ᠤᠨ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ ᠠᠬᠢᠭᠤᠯᠪᠠ᠃      ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ︿ᠰᠠᠬᠢᠯᠭ᠎ᠠ ᠪᠠᠲᠤ ᠶᠢ ᠰᠤᠷᠤᠯᠴᠠᠵᠥ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠶᠢᠯᠠᠵᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠬᠤ﹀ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠠᠷᠭ᠎ᠠ ᠭᠡᠯᠪᠡᠷᠢ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠠᠮ ᠤᠨ ᠭᠡᠰᠢᠭᠦᠨ᠂ ᠺᠠᠳ᠋ᠷᠴᠤᠳ ᠢ ᠱᠠᠯᠠᠪᠳᠠᠭᠤᠯᠤᠨ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠤᠯᠭᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠨᠠᠮ ᠤᠨ ᠭᠡᠰᠢᠭᠦᠨ᠂ ᠺᠠᠳ᠋ᠷᠴᠤᠳ ᠤᠨ ᠡᠳᠦᠷ ᠲᠤᠲᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠠᠭᠤᠰᠤᠯᠴᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠥᠵᠢᠭᠦᠯᠵᠦ ᠬᠢᠵᠠᠭᠠᠷᠯᠠᠬᠤ᠂ ᠪᠠᠲᠤᠯᠠᠵᠤ ᠵᠣᠷᠢᠭᠵᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ︾ ᠭᠡᠵᠦ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ ᠰᠥᠩ ᠸᠧᠢ ᠬᠡᠯᠡᠪᠡ᠃      ᠰᠠᠬᠢᠯᠭ᠎ᠠ ᠪᠠᠲᠤᠴᠢ ᠴᠢᠨᠠᠷ ᠢᠶᠠᠨ ᠴᠢᠩᠭᠠᠳᠬᠠᠪᠠᠯ ᠬᠤᠪᠢᠰᠬᠠᠯ ᠢᠮᠠᠭᠲᠠ ᠢᠯᠠᠯᠲᠠ ᠶᠢ ᠣᠯᠵᠤ ᠴᠢᠳᠠᠳᠠᠭ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠳᠤ ᠦᠵᠡᠭᠦᠯᠭᠦ  ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃      ︽ᠶᠡᠷᠦᠩᠬᠡᠢ ᠱᠦᠵᠢ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ︿ᠨᠢᠭᠡ ᠨᠡᠶᠢᠭᠡᠮ ᠲᠣᠭᠤᠷᠢᠭ ᠢ ᠰᠠᠶᠢᠲᠤᠷ ᠡᠷᠭᠢᠯᠡᠭᠦ ᠳᠤ᠂ ᠵᠠᠪᠠᠯ ᠲᠤᠶᠢᠯ ᠤᠨ ᠴᠢᠩᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠶᠢᠬᠤ ᠬᠡᠷᠡᠭᠲᠡᠢ﹀ ᠭᠡᠵᠦ ᠴᠢᠬᠤᠯᠠᠴᠢᠯᠠᠪᠠ᠂ ᠪᠢᠳᠡ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠪᠠᠷ ᠳᠠᠮᠵᠢᠨ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠬᠦ ᠬᠡᠷᠡᠭᠲᠡᠢ︾᠃ ᠬᠥᠬᠡᠨᠠᠭᠤᠷ ᠮᠤᠵᠢ ᠶᠢᠨ ᠰᠢᠨᠢᠩ ᠬᠤᠲᠠ ᠶᠢᠨ ᠴᠧᠩ ᠰᠢ ᠲᠣᠭᠤᠷᠢᠭ ᠤᠨ ᠸᠧᠨ ᠲᠢᠩ ᠰᠢᠶᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠼᠦᠢ ᠴᠢᠩ᠂ ᠣᠳᠣᠬᠠᠨ ᠳᠤ᠂ ᠨᠡᠶᠢᠭᠡᠮ ᠲᠣᠭᠤᠷᠢᠭ ᠤᠨ ᠬᠢᠨ ᠨᠢᠭᠡᠨᠲᠡ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠣᠳᠠᠲᠠᠢ ᠠᠵᠢᠯ ᠤᠨ ᠲᠣᠭᠤᠷᠢᠨ ᠳᠤ ᠰᠠᠬᠢᠯᠭ᠎ᠠ ᠪᠠᠲᠤ ᠶᠢᠨ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠲᠥᠪᠯᠡᠷᠡᠭᠦᠯᠦᠨ ᠥᠷᠨᠢᠭᠦᠯᠵᠦ᠂ ᠨᠡᠶᠢᠭᠡᠮ ᠲᠣᠭᠤᠷᠢᠭ ᠤᠨ ᠱᠦᠵᠢ᠂ ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠡᠭᠦᠷ ᠤᠨ ᠱᠦᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠢᠴᠢᠶᠡᠯ ᠣᠷᠣᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠨᠠᠩ ᠪᠠᠲᠤ ᠴᠢᠩᠭ᠎ᠠ ᠬᠦᠴᠦᠨ ᠲᠠᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ ᠭᠡᠵᠦ ᠢᠯᠡᠳᠬᠡᠪᠡ᠃      ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ᠃      ᠲᠦᠷᠦᠭᠦᠬᠡᠨ᠂ ᠵᠧᠵᠢᠶᠠᠩ ᠮᠤᠵᠢ ᠶᠢᠨ ᠲᠦᠩ ᠯᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠣᠰᠬᠤᠨ ᠤ ᠱᠠᠲᠤᠨ ᠤ ᠪᠠᠭ᠎ᠠ ᠵᠢᠵᠢᠭ ᠡᠷᠬᠡ ᠶᠢᠨ ᠠᠵᠢᠯᠯᠠᠭᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠢᠴᠢ ᠪᠠᠭ᠎ᠠ ᠲᠣᠭᠠᠨ ᠤ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠦᠨᠳᠦᠰᠦᠨ ᠱᠠᠲᠤᠨ ᠤ ᠬᠢᠨᠠᠯᠲᠠ ᠲᠠᠯᠪᠢᠬᠤ ᠭᠤᠣᠯᠳᠠᠯᠭ᠎ᠠ ᠶᠢᠨ ᠲᠣᠭᠤᠷᠢᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠲᠤᠰᠬᠠᠢ ᠮᠡᠷᠭᠡᠵᠢᠯ ᠤᠨ ᠬᠢᠴᠢᠶᠡᠯ ᠣᠷᠣᠵᠤ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢᠳᠤ ᠴᠡᠭ ᠢ ᠵᠠᠳᠠᠯᠤᠨ ᠰᠢᠨᠵᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃      ︽ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠣᠷᠳᠣ ᠬᠤᠭᠤᠴᠠᠭ᠎ᠠ ᠪᠤᠰᠤᠳᠴᠢ ᠪᠠᠷ ᠣᠷᠣᠰᠢᠵᠤ᠂ ᠮᠠᠰᠢ ᠠᠮᠠᠷᠬᠠᠨ ᠭᠡᠳᠡᠷᠭᠦ ᠬᠤᠪᠢᠰᠴᠤ ᠮᠡᠳᠡᠨ᠎ᠡ᠂ ᠡᠷᠬᠡᠪᠰᠢ ᠰᠢᠰᠲ᠋ᠧᠮ ᠲᠠᠢ ᠵᠠᠰᠠᠵᠤ᠂ ᠬᠠᠮᠵᠢᠯᠴᠠᠨ ᠬᠦᠴᠦᠯᠡᠪᠡᠯ ᠰᠠᠶ᠋ᠢ ᠤᠷᠳᠤ ᠬᠤᠭᠤᠴᠠᠭ᠎ᠠ ᠪᠠᠷ ᠪᠦᠳᠦᠮᠵᠢᠳᠡᠢ ᠪᠠᠶᠢᠯᠭᠠᠵᠤ ᠴᠢᠳᠠᠨ᠎ᠠ︾᠃ ᠲᠦᠩ ᠯᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠳᠠᠷᠤᠭ᠎ᠠ ᠾᠧ ᠰᠢᠶᠣᠣ ᠬᠤᠸᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠦᠷᠭᠦᠯᠵᠢᠯᠡᠨ ᠣᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ᠂ ᠡᠷᠬᠡᠪᠰᠢ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ᠂ ᠣᠬᠲᠣ ᠠᠭᠤᠴᠢᠯᠠᠬᠤ ᠦᠭᠡᠢ ᠶᠢᠨ ᠰᠦᠷᠳᠡᠭᠦᠯᠦᠯ ᠢ ᠭᠤᠶᠢᠪᠢᠰᠢ ᠦᠭᠡᠢ ᠪᠠᠷᠢᠮᠲᠠᠯᠠᠵᠤ᠂ ᠬᠠᠮᠤᠭ ᠤᠨ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠤᠨ ᠵᠣᠷᠢᠭ ᠰᠠᠨᠠᠭ᠎ᠠ ᠪᠠᠷ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠡᠶᠢᠯᠦᠩᠭᠦᠢ ᠴᠢᠨᠠᠷᠲᠠᠢ ᠢᠯᠠᠯᠲᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠦᠨ᠎ᠡ ᠭᠡᠵᠦ ᠢᠯᠡᠳᠬᠡᠪᠡ᠃      ᠶᠡᠷᠦᠩᠬᠡᠢ ᠱᠦᠵᠢ ᠰᠢ ᠶᠢᠨ ᠫᠢᠩ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃      8 ᠰᠠᠷ᠎ᠠ ᠶᠢᠨ 26 ᠤ ᠡᠳᠦᠷ᠂ ᠬᠠᠷᠠᠮᠥ᠋ᠷᠡᠨ ᠮᠤᠵᠢ ᠶᠢᠨ ᠬᠠᠷᠪᠢᠨ ᠰᠢᠨ᠎ᠡ ᠲᠣᠭᠤᠷᠢᠭ ᠤᠨ ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠥᠳᠡᠯᠭᠡᠬᠦ ᠴᠢᠳᠠᠪᠤᠷᠢ ᠶᠢ ᠬᠥᠭᠵᠢᠭᠡᠵᠦ᠂ ᠮᠥᠰᠥᠲᠦ ᠬᠤᠲᠠ ᠶᠢᠨ ᠵᠢᠭᠤᠯᠴᠢᠯᠠᠯ ᠤᠨ ᠦᠷᠭᠦᠯᠵᠢᠯᠡᠨ ᠬᠥᠭᠵᠢᠬᠦ ᠳᠤ ᠬᠦᠴᠦᠨ ᠴᠢᠳᠠᠯ ᠢᠶᠠᠨ ᠡᠷᠭᠦᠬᠦ ᠲᠤᠬᠠᠢ ᠰᠤᠳᠤᠯᠤᠨ ᠪᠠᠶᠢᠷᠢᠯᠠᠭᠤᠯᠪᠠ᠃      ︽ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢ ᠰᠣᠶᠣᠯ ᠵᠢᠭᠤᠯᠴᠢᠯᠠᠯ ᠤᠨ ᠦᠢᠯᠡᠰ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠢᠲᠡᠭᠡᠯ ᠵᠣᠷᠢᠭ ᠡᠷᠡᠰ ᠪᠠᠲᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠤᠷᠲᠠᠯ ᠰᠢᠯᠢᠳᠡᠭ ᠨᠠᠮ ᠤᠨ ᠭᠡᠰᠢᠭᠦᠨ᠂ ᠺᠠᠳ᠋ᠷ ᠤᠨ ᠡᠩᠨᠡᠭᠡ ᠶᠢ ᠪᠠᠶᠢᠭᠤᠯᠬᠤ ᠶᠢ ᠪᠠᠷᠢᠮᠲᠠᠯᠠᠵᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︾᠃ ᠰᠢᠨ᠎ᠡ ᠲᠣᠭᠤᠷᠢᠭ ᠤᠨ ᠰᠣᠶᠣᠯ ᠷᠠᠳᠢᠣ᠋ ᠲᠧᠯᠸᠢᠰ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠲᠣᠪᠴᠢᠶᠠᠨ ᠤ ᠬᠠᠷᠢᠭᠤᠴᠠᠯᠭᠠᠲᠠᠨ ᠰᠢᠶᠣᠣ ᠯᠧᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠢᠯᠭᠠᠨ ᠦᠵᠡᠬᠦ︾ ᠶᠢ ᠪᠠᠷᠢᠮᠲᠠᠯᠠᠨ᠂ ᠦᠨᠳᠦᠰᠦᠨ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠴᠢᠷᠮᠠᠶᠢᠨ ᠳᠠᠶᠢᠴᠢᠯᠠᠵᠤ᠂ ᠨᠠᠩ ᠣᠯᠠᠨ ᠺᠠᠳ᠋ᠷᠴᠤᠳ ᠤᠨ ᠥᠭᠡᠷᠡᠴᠢᠯᠡᠯᠲᠡ ᠶᠢ ᠠᠬᠢᠭᠤᠯᠤᠭᠴᠢ᠂ ᠪᠣᠳᠠᠲᠠᠢ ᠠᠵᠢᠯᠯᠠᠭᠴᠢ ᠪᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠢᠯᠡᠳᠬᠡᠪᠡ᠃      ᠮᠢᠩᠭᠠᠨ ᠭᠠᠵᠠᠷ ᠤᠨ ᠴᠠᠭᠠᠨ᠎ᠠ᠂ ᠭᠤᠸᠠᠩᠰᠢ ᠶᠢᠨ ᠡᠬᠡ ᠭᠠᠵᠠᠷ ᠲᠤ᠃ ᠭᠤᠸᠠᠩᠰᠢ ᠶᠢᠨ ᠯᠠᠢ ᠪᠢᠨ ᠬᠤᠳᠠ ᠳᠤ ᠬᠠᠷᠢᠶᠠᠯᠠᠭᠳᠠᠬᠤ ᠾᠧ ᠱᠠᠨ ᠬᠤᠲᠠ ᠶᠢᠨ ᠯᠢᠩ ᠨᠠᠨ ᠪᠠᠯᠭᠠᠰᠤ ᠶᠠᠭ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠴᠢᠷ ᠶᠠᠪᠤᠳᠠᠯ ᠤᠨ ᠨᠠᠷᠢᠨ ᠲᠠᠩᠰᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠬᠠᠷᠢᠭᠤᠴᠠᠯᠭ᠎ᠠ ᠡᠷᠬᠡ ᠨᠢᠭᠡᠳᠦᠯᠲᠡᠢ᠂ ᠬᠠᠷᠢᠭᠤᠴᠠᠯᠭ᠎ᠠ ᠴᠢᠳᠠᠪᠤᠷᠢ ᠨᠢᠭᠡᠳᠦᠯᠲᠡᠢ ᠪᠠᠶᠢᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠠᠰᠠᠭᠤᠳᠠᠯ ᠢ ᠰᠢᠢᠳᠪᠦᠷᠢᠯᠡᠪᠡ᠃      ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠲᠠᠰᠤᠷᠠᠯᠲᠠ ᠦᠭᠡᠢ ᠬᠥᠩᠭᠡᠷᠡᠭᠦᠯᠵᠦ᠂ ᠴᠢᠳᠠᠪᠬᠢ ᠣᠯᠭᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ︾᠃ ᠯᠢᠩ ᠨᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠯᠠᠨ ᠰᠢᠤ ᠯᠤᠸᠠᠨ᠂ ᠴᠢᠨᠠᠷ ᠰᠠᠶᠢᠲᠠᠢ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷ ᠤᠨ ᠳᠦᠷᠢᠮ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠷᠢᠲᠠᠯ ᠳᠣᠣᠷ᠎ᠠ᠂ ᠰᠡᠳᠬᠢᠯ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠢᠳᠡᠪᠬᠢᠲᠡᠢ ᠠᠵᠢᠯᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠨᠡᠨ ᠪᠣᠳᠠᠲᠠᠢ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ