ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/9/3
      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ  8 ᠳ᠋ᠤᠭᠠᠷ ᠰᠠᠷ᠎ᠠ ᠶᠢᠨ 26 ᠤ  ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠨᠠᠰᠤᠵᠢᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠳᠡᠪᠬᠢᠲᠡᠢ ᠨᠠᠰᠤᠵᠢᠯ ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ ᠶᠢᠨ ᠣᠨᠣᠯᠵᠢᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠰᠤᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠹᠦᠳᠠᠨ ᠶᠡᠭᠡ ᠰᠤᠷᠭᠠᠭᠤᠯᠢ ᠶᠢᠨ ᠫᠷᠤᠹᠧᠰᠰᠤᠷ ᠦ᠋ ᠢᠦᠢ ᠱᠤᠤ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠯᠢᠦ ᠭᠦᠸᠧ ᠵᠥᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠠᠩ ᠰᠢᠶᠣᠣ ᠬᠤᠩ᠂ ᠱᠧᠨ ᠢ ᠴᠢᠨ ᠨᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃

6386037199346080855615156.jpg

      8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ

ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ

ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ

ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ  ᠶᠤᠸᠠᠢ ᠶᠤᠸᠠᠢ ᠸᠧᠢ ᠰᠡᠭᠦᠳᠡᠷᠯᠡᠪᠡ

      ᠯᠢ ᠴᠢᠶᠠᠩ ᠲᠣᠰ ᠲᠠᠶᠢᠯᠤᠮᠵᠢ ᠪᠠ ᠰᠠᠨᠠᠯ ᠢᠶᠠᠨ ᠰᠣᠯᠢᠯᠴᠠᠭᠰᠠᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠥᠮᠥᠨ ᠠᠮᠠ ᠶᠢᠨ ᠨᠠᠰᠤᠵᠢᠯᠲᠠ ᠪᠣᠯ

ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠨ ᠪᠠᠶᠢᠳᠠᠯ ᠮᠥᠨ᠃ ᠨᠠᠰᠤᠵᠢᠯᠲᠠ ᠶᠢᠨ ᠬᠥᠭᠵᠢᠯ ᠤᠨ ᠰᠢᠨ᠎ᠡ ᠪᠠᠶᠢᠳᠠᠯ ᠢ

ᠪᠤᠰᠤᠳᠴᠢ ᠬᠤᠪᠢᠰᠤᠩᠭᠤᠢ ᠪᠠᠷ ᠦᠵᠡᠬᠦ ᠬᠡᠷᠡᠭᠲᠡᠢ᠃ ᠨᠠᠰᠤᠵᠢᠯᠳᠠ ᠠᠴᠠ ᠪᠣᠯᠤᠭᠰᠠᠨ ᠥᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠮᠥᠷᠲᠡᠭᠡᠨ ᠪᠠᠰᠠ

ᠨᠠᠰᠤᠵᠢᠯᠳᠠ ᠳᠤ ᠰᠢᠨ᠎ᠡ ᠬᠥᠭᠵᠢᠯᠲᠡ ᠶᠢᠨ ᠲᠣᠬᠢᠶᠠᠯ ᠬᠠᠳᠠᠭᠠᠯᠠᠭᠳᠠᠵᠤ᠂ ᠨᠠᠰᠤᠵᠢᠭᠰᠠᠨ ᠬᠥᠮᠥᠨ ᠠᠮᠠ ᠴᠤ ᠨᠠᠨᠳᠢᠨ ᠡᠬᠢ ᠪᠠᠶᠠᠯᠢᠭ ᠪᠣᠯᠬᠤ ᠶᠢ ᠣᠯᠵᠤ ᠬᠠᠷᠠᠬᠤ

ᠬᠡᠷᠡᠭᠲᠡᠢ᠃ ᠪᠠᠶᠢᠳᠠᠯ ᠢ ᠠᠶᠠᠳᠠᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠪᠠᠨ ᠴᠢᠩᠭᠠᠳᠬᠠᠵᠤ᠂

ᠤᠷᠢᠳᠴᠢᠯᠠᠭᠰᠠᠨ ᠪᠠᠶᠢᠷᠢᠯᠠᠭᠤᠯᠤᠯᠲᠠ ᠬᠢᠵᠦ᠂ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ

 ᠯᠤᠭ᠎ᠠ ᠤᠶᠠᠯᠳᠤᠭᠤᠯᠵᠤ᠂ ᠦᠢᠯᠡᠴᠢᠯᠡᠭᠡ᠂ ᠪᠡᠯᠡ ᠮᠥᠩᠭᠦ ᠪᠠ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ

ᠠᠷᠭᠠᠴᠠᠭᠠᠬᠤ ᠶᠠᠪᠤᠴᠠ ᠳᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠯᠢ ᠴᠢᠶᠠᠩ᠂ ︽ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠬᠤ︾ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠵᠦᠢᠯ ᠳᠤ

ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠭᠡᠷ ᠲᠤ ᠪᠠᠨ ᠰᠠᠭᠤᠬᠤ ᠨᠡᠶᠢᠭᠡᠮ ᠲᠣᠭᠤᠷᠢᠭ ᠤᠨ

ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂

ᠭᠡᠷ ᠲᠤ ᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ᠂ ᠬᠠᠭᠤᠴᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠨ᠎ᠡ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ

ᠪᠠᠲᠤᠯᠠᠬᠤ ᠴᠢᠨᠠᠷᠲᠠᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠣᠷᠣᠨ ᠨᠤᠲᠤᠭ ᠤᠨ ᠪᠣᠳᠠᠲᠠᠢ ᠲᠠᠢ ᠪᠠᠨ ᠤᠶᠠᠯᠳᠤᠭᠤᠯᠤᠨ

ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠥᠷᠨᠢᠭᠦᠯᠬᠦ ᠶᠢ ᠳᠡᠮᠵᠢᠨ᠎ᠡ᠃ ᠴᠢᠳᠠᠪᠤᠷᠢ ᠪᠠᠨ ᠠᠯᠳᠠᠭᠰᠠᠨ ᠨᠠᠰᠤᠲᠠᠳ ᠢ ᠬᠠᠷᠠᠭᠠᠯᠵᠠᠨ ᠠᠰᠠᠷᠠᠬᠤ

ᠬᠡᠷᠡᠭᠴᠡᠭᠡ ᠳᠤ ᠴᠢᠭᠯᠡᠭᠦᠯᠦᠨ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢᠨ ᠦᠢᠯᠡᠳᠦᠯ ᠢ ᠭᠦᠨᠵᠡᠭᠡᠢ ᠠᠬᠢᠭᠤᠯᠵᠤ᠂ ᠰᠤᠪᠢᠯᠠᠯᠲᠠ ᠶᠢᠨ ᠮᠠᠶ᠋ᠢᠭ ᠤᠨ

ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠶᠡᠭᠡ ᠬᠡᠪᠴᠢᠶᠡᠨ ᠤ ᠮᠡᠷᠭᠡᠰᠢᠯ

ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠨᠠᠰᠤᠵᠢᠯ ᠤᠨ ᠰᠤᠪᠢᠯᠠᠯᠲᠠ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ᠃ ︽ᠥᠲᠡᠯᠦᠭᠰᠡᠳ ᠲᠤ

ᠲᠦᠰᠢᠭ ᠲᠠᠢ ᠪᠠᠶᠢᠯᠭᠠᠬᠤ︾ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ

ᠲᠥᠯᠥᠪᠯᠡᠬᠦ ᠳᠦᠷᠢᠮ ᠢ ᠲᠡᠭᠦᠯᠳᠡᠷᠵᠢᠭᠦᠯᠵᠦ᠂ ᠤᠯᠠᠨ ᠲᠡᠰ ᠳᠠᠪᠬᠤᠷᠭ᠎ᠠ ᠤᠯᠠᠨ ᠲᠤᠯᠭᠠᠭᠤᠷᠢ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ

ᠲᠦᠷᠭᠡᠳᠬᠡᠨ ᠪᠦᠷᠢᠨᠰᠢᠭᠦᠯᠬᠦ ᠬᠡᠷᠡᠭᠲᠡᠢ᠃ ︽ᠥᠲᠡᠯᠦᠭᠰᠡᠳ ᠲᠤ ᠬᠢᠳᠡᠯ ᠲᠠᠢ ᠪᠠᠶᠢᠯᠭᠠᠬᠤ︾ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ

ᠬᠥᠮᠥᠨ ᠤ ᠬᠦᠴᠦᠨ ᠤ ᠡᠬᠢ ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠨᠠᠰᠤᠲᠠᠶᠢᠴᠤᠳ ᠲᠤ ᠲᠣᠬᠢᠷᠠᠭᠰᠠᠨ ᠤᠯᠠᠨ ᠶᠠᠩᠵᠤᠲᠤ᠂ ᠥᠪᠡᠷᠮᠢᠴᠡ ᠠᠵᠢᠯ ᠤᠨ

ᠪᠠᠶᠢᠷᠢ ᠶᠢ ᠡᠭᠦᠳᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂

ᠨᠠᠰᠤᠲᠠᠶᠢᠴᠤᠳ ᠤᠨ ᠬᠡᠷᠡᠭᠰᠡᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠳᠠᠯ ᠢ ᠲᠠᠰᠤᠷᠠᠯᠲᠠ ᠦᠭᠡᠢ

ᠪᠠᠶᠠᠯᠢᠭᠵᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ

ᠵᠢᠭᠠᠵᠤ ᠭᠠᠷᠭᠠᠪᠠ᠃

      ᠯᠢ ᠴᠢᠶᠠᠩ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠪᠣᠯ ᠪᠥᠬᠦ ᠲᠠᠯ᠎ᠠ ᠶᠢᠨ ᠴᠢᠨᠠᠷᠲᠠᠢ᠂ ᠣᠷᠳᠣ ᠬᠤᠭᠤᠴᠠᠭᠠᠨ ᠤ ᠴᠢᠨᠠᠷᠲᠠᠢ

ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ

ᠤᠯᠠᠮ ᠨᠢᠭᠡ ᠠᠯᠬᠤᠮ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠠᠰᠤᠵᠢᠯ ᠤᠨ ᠠᠵᠢᠯ

ᠳᠤᠮᠳᠠᠬᠢ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ

ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ