ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠤᠯᠤᠰ ᠤᠳ ᠤᠨ ᠶᠡᠷᠦᠩᠬᠡᠶᠢᠯᠡᠭᠴᠢ ᠨᠠᠷ ᠲᠠᠢ ᠲᠤᠰ ᠲᠤᠰ ᠠᠭᠤᠯᠵᠠᠪᠠ
ᠨᠡᠶᠢᠲᠡᠯᠡᠭᠰᠡᠨ ᠴᠠᠭ᠄
2024/9/3
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠲᠦ᠋ ᠮᠢᠩ ᠸᠧᠨ ᠰᠢᠨ︶ 9 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠺᠣᠩᠭᠣ᠋ ︵ᠺᠢᠨᠱᠠᠰᠠ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠠᠭᠤᠯᠵᠠᠪᠠ᠃      ᠰᠢ ᠶᠢᠨ ᠫᠢᠩ ᠴᠢᠰᠠᠶᠢᠺᠧᠳᠢ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠨᠢᠳᠤᠨᠤᠨ ᠤ 5 ᠰᠠᠷ᠎ᠠ ᠳᠤ᠂ ᠪᠢᠳᠡ ᠬᠠᠮᠲᠤ ᠪᠠᠷ ᠳᠤᠮᠳᠠᠳᠤ ᠺᠣᠩᠭᠣ᠋ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠪᠡ᠃ ᠪᠢᠳᠡᠨ ᠤ ᠲᠤᠬᠠᠢ ᠶᠢᠨ ᠦᠶ᠎ᠡ ᠳᠤ ᠲᠣᠬᠢᠷᠠᠯᠴᠠᠭᠰᠠᠨ ᠠᠯᠢ ᠤᠯᠠᠨ ᠬᠠᠮᠲᠤ ᠶᠢᠨ ᠲᠠᠨᠢᠯᠲᠠ ᠶᠢ ᠨᠢᠭᠡᠨᠲᠡ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠢᠰᠬᠦ ᠮᠡᠲᠦ ᠲᠦᠷᠭᠡᠨ ᠬᠥᠭᠵᠢᠵᠦ᠂ ᠬᠤᠶᠠᠷ ᠲᠠᠯ᠎ᠠ ᠳᠤ ᠪᠤᠶᠠᠨ ᠦᠢᠯᠡᠳᠴᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠠᠶᠢᠵᠤ᠂ ᠬᠥᠭᠵᠢᠵᠦ ᠪᠠᠶᠢᠭ᠎ᠠ ᠤᠯᠤᠰ ᠤᠳ ᠤᠨ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠤᠢ᠂ ᠺᠣᠩᠭᠣ᠋ ︵ᠺᠢᠨᠱᠠᠰᠠ︶ ᠴᠦ ᠤᠯᠤᠰ ᠤᠨ ᠬᠥᠭᠵᠢᠯ ᠮᠠᠨᠳᠤᠯ ᠤᠨ ᠰᠢᠨ᠎ᠡ ᠱᠠᠲᠤᠨ ᠳᠠᠭᠠᠨ ᠣᠷᠣᠵᠤ ᠪᠤᠢ᠂ ᠬᠤᠶᠠᠷ ᠤᠯᠤᠰ ᠪᠣᠯ ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ ᠠᠶᠠᠯᠠᠭᠴᠢ ᠮᠥᠨ᠂ ᠵᠣᠷᠢᠯᠲᠠ ᠨᠢᠭᠡᠲᠡᠢ ᠦᠨᠡᠨᠴᠢ ᠨᠠᠶᠢᠵᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠠᠶᠢᠨ ᠨᠠᠶᠢᠵᠠ᠂ ᠡᠩᠬᠡ ᠲᠠᠶᠢᠪᠤᠩ ᠢ ᠬᠠᠮᠲᠤ ᠪᠠᠷ ᠡᠷᠢᠯᠬᠢᠯᠡᠬᠦ ᠰᠠᠶᠢᠨ ᠨᠠᠶᠢᠵᠠ ᠪᠣᠯᠣᠯᠴᠠᠶ᠎ᠠ᠃ ᠳᠤᠮᠳᠠᠳᠤ ᠤᠯᠤᠰ ᠺᠣᠩᠭᠣ᠋ ᠶᠢᠨ ᠬᠢᠨ ᠤ ᠤᠯᠤᠰ ᠤᠨ ᠡᠷᠬᠡ ᠮᠡᠳᠡᠯ ᠢᠶᠠᠨ ᠬᠠᠮᠠᠭᠠᠯᠠᠵᠤ᠂ ᠪᠡᠶ᠎ᠡ ᠪᠠᠨ ᠳᠠᠭᠠᠭᠠᠵᠤ ᠬᠥᠭᠵᠢᠬᠦ ᠶᠢ ᠪᠡᠶᠡᠯᠡᠭᠦᠯᠬᠦ ᠶᠢ ᠲᠡᠮᠵᠢᠵᠥ᠂ ᠳᠤᠷᠠᠲᠠᠶ᠎ᠠ ᠺᠣᠩᠭᠣ᠋ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠡᠷᠡᠰ ᠳᠡᠮᠵᠢᠯᠴᠡᠵᠦ᠂ ᠬᠠᠮᠲᠤ ᠶᠢᠨ ᠬᠥᠭᠵᠢᠯᠲᠡ ᠶᠢ ᠡᠷᠢᠯᠬᠢᠯᠡᠵᠦ᠂ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠳᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠣᠩᠭᠣ᠋ ᠶᠢᠨ  ᠬᠢᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠬᠥᠳᠡᠯᠭᠡᠭᠴᠢ ᠴᠢᠳᠠᠪᠤᠷᠢ ᠪᠣᠯᠭᠠᠨ ᠬᠤᠪᠢᠷᠠᠭᠤᠯᠬᠤ ᠳᠤ ᠦᠷᠭᠦᠯᠵᠢᠯᠡᠨ ᠬᠠᠪᠰᠤᠷᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠳᠤᠮᠳᠠᠳᠤ ᠠᠹᠷᠢᠺᠠ ᠶᠢᠨ ᠬᠠᠷᠢᠯᠴᠠᠭᠠᠨ ᠤ ᠰᠢᠨ᠎ᠡ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠬᠠᠮᠲᠤ ᠪᠠᠷ ᠵᠢᠷᠤᠭᠯᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠺᠣᠩᠭᠣ᠋ ᠶᠢᠨ ᠬᠢᠨ ᠲᠠᠢ ᠲᠡᠦᠬᠡ ᠶᠢᠨ ᠠᠵᠠ ᠲᠣᠭᠢᠶᠠᠯ ᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠯᠴᠠᠨ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠶᠡᠭᠡ ᠬᠤᠪᠢᠰᠤᠯᠲᠠ ᠳᠤᠮᠳᠠ ᠡᠩᠬᠡ ᠲᠠᠶᠢᠪᠤᠩ ᠢ ᠡᠷᠢᠯᠬᠢᠯᠡᠵᠦ᠂ ᠬᠥᠭᠵᠢᠯᠲᠡ ᠶᠢ ᠬᠥᠭᠡᠭᠡᠴᠡᠯᠳᠦᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠵᠠᠢ᠃      ᠴᠢᠰᠠᠶᠢᠺᠧᠳᠢ᠂ ᠺᠣᠩᠭᠣ᠋ ᠳᠤᠮᠳᠠᠳᠤ ᠬᠤᠶᠠᠷ ᠲᠠᠯ᠎ᠠ ᠶᠢᠨ ᠬᠠᠶᠢᠷ᠎ᠠ ᠰᠡᠳᠬᠢᠯᠭᠡ ᠠᠬ᠎ᠠ ᠳᠡᠭᠦᠦ ᠮᠡᠲᠦ᠂ ᠨᠥᠬᠦᠷᠯᠡᠯ ᠪᠠᠲᠤ ᠦᠨᠡᠨᠴᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠡᠷᠬᠡ ᠲᠡᠭᠰᠢ ᠬᠠᠷᠢᠯᠴᠠᠨ ᠬᠦᠨᠳᠦᠳᠬᠡᠬᠦ ᠪᠠ ᠳᠡᠭᠡᠳᠦ ᠬᠡᠮᠵᠢᠶᠡᠨ ᠤ ᠢᠲᠡᠭᠡᠯᠴᠡᠭᠡ ᠳᠤ ᠰᠠᠭᠤᠷᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠪᠡ᠃ ᠺᠣᠩᠭᠣ᠋ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠬᠤ ᠬᠦᠴᠦᠨ ᠢ ᠪᠢᠰᠢᠷᠡᠵᠦ᠂ ᠳᠤᠮᠳᠠᠳᠤ ᠤᠯᠤᠰ ᠤᠨ ᠠᠮᠵᠢᠯᠲᠠ ᠣᠯᠣᠭᠰᠠᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠳᠤᠮᠳᠠᠳᠤ ᠤᠯᠤᠰ ᠢ ᠬᠠᠮᠤᠭ ᠤᠨ ᠲᠡᠷᠢᠭᠦᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠨᠥᠬᠦᠷᠯᠡᠯ ᠪᠣᠯᠣᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠺᠣᠩᠭᠣ᠋ ︵ᠺᠢᠨᠱᠠᠰᠠ︶ ᠶᠢᠨ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠳᠡᠮᠵᠢᠵᠤ ᠪᠠᠶᠢᠬᠤ ᠳᠤ ᠲᠠᠯᠠᠷᠬᠠᠵᠤ ᠪᠠᠶᠢᠨ᠎ᠠ᠂ ᠺᠣᠩᠭᠣ᠋ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠮᠡᠳᠡᠷᠡᠵᠦ ᠪᠠᠶᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠶᠢᠨ ᠬᠦᠰᠡᠯ ᠵᠡᠭᠦᠳᠦ ᠪᠠᠨ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ ᠬᠠᠩᠭᠠᠪᠠ᠂ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠠᠹᠷᠢᠺᠠ ᠲᠢᠪ ᠤᠨ ᠤᠯᠤᠰ ᠤᠳ ᠤᠨ ᠠᠷᠠᠳ ᠲᠦᠮᠡᠨ ᠳᠤ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠠᠪᠴᠢᠷᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠵᠡᠢ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠺᠣᠩᠭᠣ᠋ ︵ᠺᠢᠨᠱᠠᠰᠠ︶ ᠬᠤᠶᠠᠷ ᠲᠠᠯ᠎ᠠ ᠪᠠᠷ ᠢᠶᠠᠨ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠪᠣᠭᠤᠮᠲᠠ ᠶᠢᠨ ᠴᠢᠳᠠᠪᠤᠷᠢ ᠶᠢᠨ ᠪᠠᠶᠢᠭᠤᠯᠤᠯᠲᠠ᠂ ᠰᠣᠨᠢᠨ ᠮᠡᠳᠡᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ  ᠯᠢ ᠳ᠋ᠧ ᠰᠢᠨ︶ 9 ᠰᠠᠷ᠎ᠠ ᠶᠢᠨ 2  ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠮᠠᠯᠢ ᠶᠢᠨ ᠶᠡᠷᠦᠩᠬᠡᠶᠢᠯᠡᠭᠴᠢ ᠭᠸᠶ᠋ᠢᠲ᠋ᠠ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠮᠠᠯᠢ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠮᠠᠯᠢ ᠶᠢᠨ ᠨᠥᠬᠦᠷᠯᠡᠯ ᠢ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠴᠣᠭᠴᠠᠯᠠᠨ ᠪᠠᠶᠢᠭᠤᠯᠪᠠ᠃ 60 ᠵᠢᠯ ᠤᠨ ᠡᠮᠦᠨ᠎ᠡ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠵᠦ᠂ ᠳᠤᠮᠳᠠᠳᠤ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠭᠦ ᠨᠠᠢᠮᠠᠨ ᠵᠠᠷᠴᠢᠮ ᠳᠤ ᠠᠩᠬ᠎ᠠ ᠤᠳᠠᠭ᠎ᠠ ᠪᠢᠴᠢᠨ ᠣᠷᠣᠭᠤᠯᠵᠤ᠂ ᠤᠯᠤᠰ ᠤᠨ ᠡᠷᠬᠡ ᠮᠡᠳᠡᠯ ᠢ ᠬᠦᠨᠳᠦᠳᠬᠡᠬᠦ᠂ ᠪᠡᠶ᠎ᠡ ᠪᠠᠨ ᠳᠠᠭᠠᠭᠠᠭᠰᠠᠨ ᠠᠵᠤ ᠠᠬᠤᠢ ᠶᠢ ᠬᠥᠭᠵᠢᠭᠦᠯᠬᠦ᠂ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠬᠤ ᠶᠢ ᠰᠠᠨᠠᠭᠠᠴᠢᠯᠠᠪᠠ᠃ ᠡᠳᠡᠭᠡᠷ ᠵᠠᠷᠴᠢᠮ ᠨᠢ ᠳᠤᠮᠳᠠᠳᠤ ᠮᠠᠯᠢ ᠶᠢᠨ ᠤᠷᠳᠤ ᠬᠤᠭᠤᠴᠠᠭᠠᠨ ᠤ ᠨᠥᠭᠦᠷᠰᠡᠭ ᠬᠠᠮᠲᠤᠷᠠᠯᠴᠠᠭᠠᠨ ᠤ ᠵᠦᠭᠯᠡᠭᠦᠷ ᠪᠤᠯᠬᠤ ᠪᠠᠷ ᠪᠠᠷᠠᠬᠤ ᠦᠭᠡᠢ᠂ ᠪᠠᠰᠠ ᠴᠤ ᠳᠤᠮᠳᠠᠳᠤ ᠠᠹᠷᠢᠺᠠ ᠶᠢᠨ ᠤᠯᠠᠨ ᠤᠯᠤᠰ ᠤᠨ ᠰᠢᠨ᠎ᠡ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠬᠤ ᠤᠷᠢᠲᠠᠯ ᠪᠣᠯᠣᠨ᠎ᠠ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠮᠠᠯᠢ ᠶᠢᠨ ᠬᠢᠨ ᠲᠠᠢ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠦᠷᠭᠦᠯᠵᠢᠯᠡᠨ ᠡᠷᠡᠰ ᠳᠡᠮᠵᠢᠯᠴᠡᠵᠦ᠂ ᠮᠠᠯᠢ ᠶᠢᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠦᠷᠭᠦᠯᠵᠢᠯᠡᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠮᠠᠯᠢ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠨᠡᠭᠡᠭᠡᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠠᠯᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠠᠮᠤᠷ ᠲᠦᠪᠰᠢᠨ ᠤ ᠪᠠᠲᠤᠯᠠᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠲᠦᠭᠦᠮ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠢᠮᠠᠭᠲᠠ ᠠᠹᠷᠢᠺᠠ ᠲᠢᠪ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠪᠠᠨ ᠡᠵᠡᠨ ᠮᠡᠳᠡᠨ ᠲᠣᠭᠲᠠᠭᠠᠬᠤ ᠶᠢ ᠲᠡᠮᠵᠢᠵᠥ᠂ ᠳᠤᠷᠠᠲᠠᠶ᠎ᠠ ᠮᠠᠯᠢ ᠵᠡᠷᠭᠡ ᠠᠹᠷᠢᠺᠠ ᠲᠢᠪ ᠤᠨ ᠤᠯᠤᠰ ᠤᠳ ᠲᠠᠢ ᠬᠠᠷᠢᠯᠴᠠᠨ ᠳᠡᠮᠵᠢᠯᠴᠡᠵᠦ᠂ ᠭᠠᠷ ᠬᠤᠯᠪᠣᠨ ᠲᠤᠰ ᠲᠤᠰ ᠤᠨ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠨ᠎ᠠ᠃ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠨᠢ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ᠂ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠴᠢᠷᠮᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠮᠠᠯᠢ ᠵᠡᠷᠭᠡ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠵᠠᠢ᠃      ᠭᠸᠶ᠋ᠢᠲ᠋ᠠ᠂ ᠳᠤᠮᠳᠠᠳᠤ ᠤᠯᠤᠰ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠪᠥᠭᠡᠳ ᠪᠢᠳᠡᠨ ᠢ ᠬᠠᠯᠠᠭᠤᠮᠰᠤᠭ ᠨᠥᠭᠦᠷᠰᠡᠭ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠮᠠᠯᠢ ᠳᠤᠮᠳᠠᠳᠤ ᠬᠤᠶᠠᠷ ᠤᠯᠤᠰ ᠤᠨ ᠠᠷᠠᠳ ᠲᠦᠮᠡᠨ ᠠᠬ᠎ᠠ ᠳᠡᠭᠦᠦ ᠶᠢᠨ ᠨᠥᠬᠦᠷᠯᠡᠯ ᠲᠠᠢ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠦᠨᠡᠨ ᠪᠣᠳᠠᠲᠠᠢ ᠶᠤᠮ᠃ ᠳᠤᠮᠳᠠᠳᠤ ᠤᠯᠤᠰ ᠮᠠᠯᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠯ᠎ᠡ ᠵᠦᠢᠯ ᠤᠨ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠮᠠᠯᠢ ᠶᠢᠨ ᠬᠢᠨ ᠮᠠᠯᠢ ᠳᠤᠮᠳᠠᠳᠤ ᠶᠢᠨ ᠨᠥᠬᠦᠷᠯᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ᠂ ᠡᠨᠧᠷᠭᠢ ᠶᠢᠨ ᠠᠭᠤᠷᠬᠠᠢ᠂ ᠠᠮᠤᠷ ᠲᠦᠪᠰᠢᠨ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠤᠢ᠂ ᠮᠠᠯᠢ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠨ᠎ᠠ᠃ ᠮᠠᠯᠢ ᠳᠤᠮᠳᠠᠳᠤ ᠬᠤᠶᠠᠷ ᠤᠯᠤᠰ ᠴᠥᠮ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ  ᠭᠦᠨᠳᠦᠳᠭᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠨ᠎ᠡ᠃ ᠮᠠᠯᠢ ᠶᠢᠨ ᠬᠢᠨ ᠳᠤᠮᠳᠠᠳᠤ ᠤᠯᠤᠰ ᠤᠨ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠭᠠᠷᠭᠠᠭᠰᠠᠨ ᠴᠢᠷᠮᠠᠶᠢᠯᠭ᠎ᠠ ᠪᠣᠯᠣᠨ ᠬᠤᠪᠢ ᠨᠡᠮᠡᠷᠢ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠯᠥᠸᠧ ᠰᠢᠨ  ᠸᠧᠨ ᠰᠢᠨ︶ 9 ᠰᠠᠷ᠎ᠠ ᠶᠢᠨ 2  ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠺᠤᠮᠤᠷ ᠤᠨ ᠶᠡᠷᠦᠩᠬᠡᠶᠢᠯᠡᠭᠴᠢ ᠠᠵᠠᠯᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠺᠤᠮᠤᠷ ᠤᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠤᠯᠤᠰ ᠪᠣᠯ ᠺᠤᠮᠤᠷ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠳᠠᠭᠴᠢ ᠤᠯᠤᠰ ᠪᠣᠯᠣᠨ᠎ᠠ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠤᠯᠤᠰ ᠲᠦᠷᠦ ᠶᠢᠨ ᠲᠠᠯ᠎ᠠ ᠪᠠᠷ ᠬᠠᠷᠢᠯᠴᠠᠨ ᠡᠷᠡᠰ ᠳᠡᠮᠵᠢᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠶᠡᠭᠡ ᠪᠠᠭ᠎ᠠ ᠤᠯᠤᠰ ᠡᠷᠬᠡ ᠲᠡᠭᠰᠢ ᠬᠠᠨᠳᠤᠯᠴᠠᠬᠤ᠂ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠺᠤᠮᠤᠷ ᠬᠡᠳᠦᠶᠢᠪᠡᠷ ᠠᠯᠤᠰ ᠬᠤᠯᠠ ᠪᠠᠶᠢᠷᠢᠯᠠᠵᠤ ᠪᠠᠶᠢᠭ᠎ᠠ ᠪᠤᠯᠪᠠᠴᠤ ᠬᠤᠶᠠᠷ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠦᠰᠡᠨ ᠡᠷᠡᠮᠡᠯᠵᠡᠵᠦ ᠪᠠᠶᠢᠭ᠎ᠠ ᠬᠦᠰᠡᠯ ᠡᠷᠡᠮᠡᠯᠵᠡᠯ ᠨᠢ ᠬᠠᠷᠢᠯᠴᠠᠨ ᠨᠡᠪᠲᠡᠷᠡᠯᠴᠡᠵᠦ ᠪᠠᠶᠢᠭ᠎ᠠ ᠶᠤᠮ᠃ ᠪᠢ ᠰᠣᠨᠤᠰᠬᠤᠯᠠᠷ ᠳᠤᠮᠳᠠᠳᠤ ᠤᠯᠤᠰ ᠤᠨ ᠲᠧᠯᠸᠢᠰ ᠵᠦᠴᠦᠭᠡ ︽ᠠᠭᠤᠯᠠ ᠤᠰᠤᠨ ᠤ ᠬᠠᠶᠢᠷ᠎ᠠ︾ ᠶᠢ ᠣᠶᠢᠷ᠎ᠠ ᠳᠤ ᠺᠤᠮᠤᠷ ᠲᠤ ᠬᠠᠯᠠᠮᠰᠢᠯ ᠲᠠᠢ ᠨᠠᠪᠲᠠᠷᠡᠭᠦᠯᠵᠦ ᠪᠤᠢ᠃ ᠳᠤᠮᠳᠠᠳᠤ ᠤᠯᠤᠰ ᠳᠤᠷᠠᠲᠠᠶ᠎ᠠ ᠺᠤᠮᠤᠷ ᠯᠤᠭ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠥᠷᠨᠢᠭᠦᠯᠵᠦ᠂ ᠺᠤᠮᠤᠷ ᠤᠨ ᠠᠷᠠᠳ ᠲᠦᠮᠡᠨ ᠤ ᠲᠤᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠪᠣᠯᠣᠨ ᠲᠠᠯᠠᠢ ᠲᠠᠩᠭᠢᠰ ᠤᠨ ᠡᠬᠢ ᠪᠠᠶᠠᠯᠢᠭ ᠢᠶᠠᠨ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠬᠤ ᠶᠢ ᠲᠡᠮᠵᠢᠵᠤ᠂ ᠳᠤᠮᠳᠠᠳᠤ ᠺᠤᠮᠤᠷ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ︽ᠠᠭᠤᠯᠠ ᠤᠰᠤᠨ ᠤ ᠬᠠᠶᠢᠷ᠎ᠠ︾ ᠶᠢ ᠲᠠᠰᠤᠷᠠᠯᠳᠠ ᠦᠭᠡᠢ ᠦᠷᠭᠦᠯᠵᠢᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠺᠤᠮᠤᠷ ᠤᠨ ᠲᠠᠯ᠎ᠠ ᠲᠠᠢ ᠦᠷᠭᠦᠯᠵᠢᠯᠡᠨ ᠬᠠᠮᠲᠤᠷᠠᠯᠴᠠᠵᠤ ᠪᠠᠶᠢᠭᠠᠳ ᠱᠦᠯᠬᠦᠭᠡ ᠡᠪᠡᠳᠴᠢᠨ ᠢ ᠲᠦᠷᠭᠡᠨ ᠠᠷᠢᠯᠭᠠᠬᠤ ᠲᠦᠷᠦᠯ ᠵᠦᠢᠯ ᠢ ᠬᠡᠷᠡᠭᠵᠢᠭᠦᠯᠵᠦ᠂ ᠺᠤᠮᠤᠷ ᠢ ᠬᠠᠪᠰᠤᠷᠤᠨ ︽2025 ᠣᠨ ᠳᠤ ᠱᠦᠯᠬᠦᠭᠡ ᠡᠪᠡᠳᠴᠢᠨ ᠢ ᠲᠤᠶᠢᠯᠪᠤᠷᠢᠲᠠᠢ ᠠᠷᠢᠯᠭᠠᠬᠤ︾ ᠬᠠᠷᠠᠯᠲᠠ ᠶᠢ ᠡᠷᠲᠡᠬᠡᠨ ᠪᠡᠶᠡᠯᠡᠭᠦᠯᠦᠨ᠎ᠡ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠲᠠᠯᠠᠢ ᠲᠠᠩᠭᠢᠰ ᠤᠨ ᠵᠢᠭᠠᠰᠤᠨ ᠤ ᠠᠵᠤ ᠠᠬᠤᠢ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ ᠺᠤᠮᠤᠷ ᠤᠨ ᠬᠢᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠤ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠳᠤᠷᠠᠲᠠᠶ᠎ᠠ ᠺᠤᠮᠤᠷ ᠯᠤᠭ᠎ᠠ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠷᠢᠮᠲᠠᠯᠠᠵᠤ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ᠂ ᠠᠷᠠᠪ ᠤᠨ ᠤᠯᠤᠰ ᠤᠳ ᠤᠨ ᠬᠤᠯᠪᠤᠭ᠎ᠠ᠂ ᠢᠰᠯᠠᠮ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠰᠢᠨ᠎ᠡ ᠪᠠᠷ ᠮᠠᠨᠳᠤᠭᠰᠠᠨ ᠬᠦᠴᠦᠨ ᠢ ᠪᠤᠵᠠᠭᠠᠶᠢᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠠᠵᠠᠯᠢ᠂ ᠳᠤᠮᠳᠠᠳᠤ ᠤᠯᠤᠰ ᠤᠨ ᠬᠢᠨ ᠪᠢᠳᠡᠨ ᠢ ᠠᠬ᠎ᠠ ᠳᠡᠭᠦᠦ ᠮᠡᠲᠦ ᠨᠥᠭᠦᠷᠰᠡᠭ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠨᠡᠩ ᠶᠡᠭᠡ ᠬᠥᠭᠵᠢᠯᠲᠡ ᠶᠢᠨ ᠠᠮᠵᠢᠯᠲᠠ ᠣᠯᠬᠤ ᠶᠢ ᠢᠲᠡᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠪᠠ ᠬᠠᠮᠲᠤ ᠶᠢᠨ ᠴᠡᠴᠡᠭᠯᠡᠯ ᠬᠥᠭᠵᠢᠯ ᠢ ᠪᠡᠶᠡᠯᠡᠭᠦᠯᠬᠦ ᠶᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠂ ᠺᠤᠮᠤᠷ ᠤᠨ ᠬᠢᠨ ᠪᠦᠭᠦ ᠬᠦᠴᠦᠨ ᠢᠶᠠᠷ ᠢᠶᠠᠨ ᠳᠡᠮᠵᠢᠨ᠎ᠠ᠃ ᠺᠤᠮᠤᠷ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠺᠤᠮᠤᠷ ᠳᠤᠮᠳᠠᠳᠤ ᠶᠢᠨ ᠬᠠᠷᠢᠯᠴᠠᠭ᠎ᠠ ᠶᠢ ᠠᠹᠷᠢᠺᠠ ᠳᠤᠮᠳᠠᠳᠤ ᠶᠢᠨ ᠬᠠᠮᠲᠤᠷᠠᠯᠴᠠᠭᠠᠨ ᠤ ᠦᠯᠢᠭᠡᠷ ᠵᠢᠱᠢᠶ᠎ᠡ ᠪᠣᠯᠭᠠᠨ᠎ᠠ᠃ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠨᠢ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠳᠤ ᠤᠯᠠᠮ ᠴᠢᠨᠠᠭᠰᠢᠳᠠ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠺᠤᠮᠤᠷ ᠤᠨ ᠬᠢᠨ ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠳᠡᠮᠵᠢᠵᠦ᠂ ᠳᠤᠮᠳᠠᠳᠤ ᠤᠯᠤᠰ ᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢ ᠳᠡᠮᠵᠢᠵᠤ᠂ ᠲᠠᠶᠢᠸᠠᠨ ᠯᠠᠪᠲᠠᠢ ᠳᠤᠮᠳᠠᠳᠤ ᠤᠯᠤᠰ ᠲᠤ ᠪᠤᠴᠠᠵᠤ ᠢᠷᠡᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠺᠤᠮᠤᠷ ᠤᠨ ᠬᠢᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠠᠵᠢᠯ ᠢᠶᠠᠨ ᠭᠦᠢᠴᠡᠳᠬᠡᠬᠦ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠶᠠᠷᠢᠯᠴᠠᠭ᠎ᠠ ᠪᠠᠷ ᠳᠠᠮᠵᠢᠭᠤᠯᠤᠨ ᠭᠠᠵᠠᠷ ᠣᠷᠣᠨ ᠤ ᠮᠥᠷᠭᠦᠯᠳᠦᠭᠡᠨ ᠢ ᠰᠢᠢᠳᠪᠦᠷᠢᠯᠡᠨ᠎ᠡ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠺᠤᠮᠤᠷ ᠠᠵᠤ ᠠᠬᠤᠢ ᠠᠷᠠᠯᠵᠢᠶ᠎ᠠ᠂ ᠬᠥᠭᠵᠢᠯᠲᠡ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠪᠣᠯᠣᠨ᠎ᠠ᠃       ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ︵ᠰᠤᠷᠪᠤᠯᠵᠢᠯᠠᠬᠴᠢ ᠸᠧᠨ ᠰᠢᠨ  ᠯᠦ ᠴᠠᠩ︶9 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠳᠤᠭᠣ᠋ ᠶᠢᠨ ᠶᠡᠷᠦᠩᠬᠡᠶᠢᠯᠡᠭᠴᠢ ᠹᠦᠯᠸᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠳᠤᠭᠣ᠋ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ ᠹᠦᠯᠸᠢ ᠶᠢᠨ ᠤᠷᠳᠤ ᠬᠤᠭᠤᠴᠠᠭᠠᠨ ᠤ ᠲᠤᠷᠰᠢ ᠳᠤᠮᠳᠠᠳᠤ ᠳᠤᠭᠣ᠋ ᠶᠢᠨ ᠬᠠᠷᠢᠯᠴᠠᠭᠠᠨ ᠤ ᠬᠥᠭᠵᠢᠯᠲᠡ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠪᠠ ᠨᠢᠭᠡ ᠴᠣᠭᠴᠠᠵᠢᠭᠤᠯᠬᠤ ᠠᠬᠢᠴᠠ ᠶᠢ ᠡᠷᠡᠰ ᠲᠡᠮᠵᠢᠨ᠎ᠠ᠃ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠨᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠬᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠳᠤᠭᠣ᠋ ᠶᠢᠨ ᠬᠢᠨ ᠲᠠᠢ ᠨᠢᠭᠲᠠ ᠬᠠᠮᠵᠢᠯᠴᠠᠵᠤ᠂ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠳᠤᠭᠣ᠋᠂ ᠳᠤᠮᠳᠠᠳᠤ ᠠᠹᠷᠢᠺᠠ ᠶᠢᠨ ᠤᠯᠠᠮᠵᠢᠯᠠᠯᠲᠤ ᠨᠥᠬᠦᠷᠯᠡᠯ ᠢ ᠬᠤᠶᠠᠷ ᠲᠠᠯ᠎ᠠ ᠶᠢᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠪᠠ᠃ ᠰᠢᠨ᠎ᠡ ᠴᠠᠭ ᠦᠶ᠎ᠡ ᠳᠤ ᠣᠷᠣᠭᠠᠳ᠂ ᠳᠤᠮᠳᠠᠳᠤ ᠳᠤᠭᠣ᠋ ᠶᠢᠨ ᠬᠠᠷᠢᠯᠴᠠᠭ᠎ᠠ ᠭᠦᠨᠵᠡᠭᠡᠶᠢᠷᠡᠨ ᠬᠥᠭᠵᠢᠵᠦ᠂ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠯᠴᠡᠵᠦ᠂ ᠬᠤᠶᠠᠷ ᠤᠯᠤᠰ ᠤᠨ ᠨᠥᠬᠦᠷᠯᠡᠯ ᠶᠠᠪᠤᠬᠤ ᠲᠤᠳᠤᠮ ᠪᠠᠲᠤᠵᠢᠵᠤ᠂ ᠢᠲᠡᠭᠡᠯᠴᠡᠭᠡ ᠡᠪᠳᠡᠷᠡᠰᠢ ᠦᠭᠡᠢ ᠪᠠᠲᠤ ᠪᠠᠬᠢ ᠪᠣᠯᠵᠤ᠂ ᠤᠯᠤᠰ ᠤᠨ ᠬᠤᠭᠤᠷᠣᠨᠳᠣᠭᠢ ᠦᠨᠡᠨᠴᠢ ᠨᠥᠭᠦᠷᠰᠡᠭ᠂ ᠪᠦᠯᠬᠦᠮᠳᠡᠨ ᠬᠠᠮᠲᠤᠷᠠᠯᠴᠠᠬᠤ ᠶᠢᠨ ᠬᠡᠪ ᠳᠠᠭᠤᠷᠢᠶᠠᠯ ᠪᠣᠯᠵᠠᠢ᠃ ᠳᠤᠮᠳᠠᠳᠤ ᠤᠯᠤᠰ ᠳᠤᠷᠠᠲᠠᠶ᠎ᠠ ᠳᠤᠭᠣ᠋ ᠯᠤᠭ᠎ᠠ ᠤᠯᠤᠰ ᠲᠦᠷᠦ ᠶᠢᠨ ᠢᠲᠡᠭᠡᠯᠴᠡᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠤᠰᠤᠨ ᠠᠰᠢᠭᠯᠠᠯᠲᠠ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠪᠦᠯᠬᠦᠮᠳᠡᠯ ᠲᠣᠭᠲᠠᠭᠤᠨ ᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠹᠦᠯᠸᠢ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠴᠠᠭ ᠦᠶ᠎ᠡ ᠶᠢ ᠲᠠᠭᠠᠨ ᠤᠷᠤᠭᠰᠢᠯᠠᠵᠤ᠂ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠵᠤ᠂ ᠨᠢᠭᠡᠨᠲᠡ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠪᠣᠯᠣᠨ ᠠᠹᠷᠢᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠠᠬᠢᠭᠤᠯᠬᠤ ᠴᠢᠬᠤᠯᠠ ᠲᠤᠯᠭᠠᠭᠤᠷᠢ ᠪᠣᠯᠵᠠᠢ᠃ ᠣᠳᠣᠬᠠᠨ ᠤ ᠳᠡᠯᠡᠬᠡᠢ ᠶᠢᠷᠲᠢᠨᠴᠦ ᠤᠯᠠᠮ ᠤᠯᠠᠨ ᠠᠶᠤᠯ ᠲᠦᠭᠰᠢᠭᠦᠷᠢ ᠰᠦᠷᠳᠡᠭᠦᠯᠦᠯ ᠳᠤ ᠲᠤᠯᠭᠠᠷᠠᠵᠤ᠂ ᠳᠤᠮᠳᠠᠳᠤ ᠤᠯᠤᠰ ᠤᠨ ᠳᠡᠮᠵᠢᠯᠭᠡ ᠪᠣᠯᠣᠨ ᠬᠠᠮᠲᠤᠷᠠᠯᠴᠠᠭ᠎ᠠ ᠨᠢ ᠠᠹᠷᠢᠺᠠ ᠲᠢᠪ ᠤᠨ ᠠᠮᠤᠷ ᠲᠦᠪᠰᠢᠨ ᠪᠣᠯᠣᠨ ᠬᠥᠭᠵᠢᠯᠲᠡ ᠳᠤ ᠲᠤᠶᠢᠯ ᠤᠨ ᠴᠢᠬᠤᠯᠠ ᠶᠤᠮ᠃ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠳᠤ ᠲᠠᠯᠠᠷᠬᠠᠵᠤ ᠪᠠᠶᠢᠨ᠎ᠠ᠂ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠨᠢ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠠᠹᠷᠢᠺᠠ ᠲᠢᠪ ᠪᠣᠯᠣᠨ ᠳᠡᠯᠡᠬᠡᠢ ᠶᠢᠨ ᠠᠮᠤᠷ ᠲᠦᠪᠰᠢᠨ ᠪᠠ  ᠬᠥᠭᠵᠢᠯᠲᠡ ᠵᠢᠴᠢ ᠪᠣᠯᠪᠠᠰᠤᠨ ᠤ ᠲᠠᠪᠰᠢᠯᠳᠠ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ᠃ ᠳᠤᠭᠣ᠋ ᠳᠤᠮᠳᠠᠳᠤ ᠶᠢᠨ ᠬᠠᠮᠲᠤᠷᠠᠯᠴᠠᠭ᠎ᠠ ᠨᠢ ᠬᠠᠷᠢᠯᠴᠠᠨ ᠬᠦᠨᠳᠦᠳᠬᠡᠬᠦ ᠪᠠ ᠬᠠᠮᠲᠤ ᠪᠠᠷ ᠬᠥᠭᠵᠢᠬᠦ ᠪᠠᠲᠤ ᠪᠠᠬᠢ ᠰᠠᠭᠤᠷᠢ ᠳᠤ ᠰᠠᠭᠤᠷᠢᠯᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠶᠤᠮ᠃ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠨᠢ ᠳᠤᠭᠣ᠋ ᠶᠢᠨ ᠴᠢᠳᠠᠪᠤᠷᠢ ᠶᠢᠨ ᠪᠠᠶᠢᠭᠤᠯᠤᠯᠲᠠ ᠪᠣᠯᠣᠨ ᠤᠯᠤᠰ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠳᠤᠭᠣ᠋ ᠶᠢᠨ ᠬᠢᠨ ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠭᠣ᠋ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠲᠡᠮᠵᠢᠵᠦ᠂ ᠳᠤᠮᠳᠠᠳᠤ ᠤᠯᠤᠰ ᠤᠨ ᠲᠠᠶᠢᠸᠠᠨ ᠪᠣᠯᠣᠨ ᠡᠮᠦᠨᠡᠲᠦ ᠲᠠᠩᠭᠢᠰ ᠵᠡᠷᠭᠡ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠳᠡᠮᠵᠢᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ  ᠭᠦᠸᠧ ᠢᠦᠢ ᠵᠢᠩ︶ 9 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠵᠢᠪᠦ᠋ᠲ᠋ᠢ ᠶᠢᠨ ᠶᠡᠷᠦᠩᠬᠡᠶᠢᠯᠡᠭᠴᠢ ᠭᠠᠶᠢᠯᠠᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠵᠢᠪᠦ᠋ᠲ᠋ᠢ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠶᠡᠷᠦᠩᠬᠡᠶᠢᠯᠡᠭᠴᠢ ᠭᠠᠶᠢᠯᠠᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ ᠡᠷᠭᠢᠯᠡᠭᠰᠡᠨ ᠪᠤᠢ ᠪᠦᠬᠦᠢ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠶᠠᠷᠢᠶᠠᠨ ᠤ ᠲᠠᠪᠴᠠᠩ ᠤᠨ ᠬᠥᠭᠵᠢᠨ ᠪᠤᠵᠠᠭᠠᠶᠢᠷᠠᠭᠰᠠᠨ ᠪᠦᠭᠦᠶᠢᠯᠡ ᠶᠠᠪᠤᠴᠠ ᠶᠢᠨ ᠭᠡᠷᠡᠴᠢᠯᠡᠭᠴᠢ ᠪᠠ ᠠᠬᠢᠭᠤᠯᠤᠭᠴᠢ ᠪᠣᠯᠵᠠᠢ᠃ ᠪᠢ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠲᠠᠨ ᠲᠠᠢ ᠨᠢᠭᠲᠠ ᠬᠠᠮᠵᠢᠯᠴᠠᠵᠤ᠂ ᠡᠨᠡ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠵᠢᠯ ᠪᠣᠯ ᠳᠤᠮᠳᠠᠳᠤ ᠵᠢᠪᠦ᠋ᠲ᠋ᠢ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ 45 ᠵᠢᠯ ᠤᠨ ᠲᠤᠷᠰᠢ᠂ ᠳᠤᠮᠳᠠᠳᠤ ᠵᠢᠪᠦ᠋ᠲ᠋ᠢ ᠬᠤᠶᠠᠷ ᠤᠯᠤᠰ ᠦᠨᠡᠨ ᠰᠡᠳᠬᠢᠯ ᠠᠴᠠ ᠪᠠᠨ ᠨᠥᠬᠦᠷᠯᠡᠵᠦ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠵᠤ ᠠᠬᠤᠢ ᠶᠢᠨ ᠬᠠᠮᠲᠤᠷᠠᠯᠴᠠᠭ᠎ᠠ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠭᠡᠵᠦ᠂ ᠠᠷᠠᠳ ᠲᠦᠮᠡᠨ ᠤ ᠶᠠᠪᠤᠯᠴᠠᠭ᠎ᠠ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠰᠤᠭ ᠪᠠᠶᠢᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠦᠯᠢᠭᠡᠷ ᠳᠠᠭᠤᠷᠢᠶᠠᠯ ᠪᠣᠯᠵᠠᠢ᠃ ᠳᠤᠮᠳᠠᠳᠤ ᠤᠯᠤᠰ ᠳᠤᠷᠠᠲᠠᠶ᠎ᠠ ᠵᠢᠪᠦ᠋ᠲ᠋ᠢ ᠶᠢᠨ ᠬᠢᠨ ᠲᠠᠢ ᠬᠠᠮᠲᠤ ᠪᠠᠷ᠂ ᠬᠠᠷᠢᠯᠴᠠᠨ ᠳᠡᠮᠵᠢᠬᠦ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠡᠷᠬᠢᠮ ᠨᠠᠨᠳᠢᠨ ᠲᠤᠷᠰᠢᠯᠭ᠎ᠠ ᠪᠠᠨ ᠪᠠᠳᠠᠷᠠᠭᠤᠯᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠰᠢᠭ ᠲᠤᠰᠠ ᠶᠢᠨ ᠬᠤᠯᠪᠣᠭᠠᠰᠤ ᠪᠠᠨ ᠴᠢᠩᠭᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠴᠢᠬᠤᠯᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠨᠠᠩ ᠣᠯᠠᠨ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠵᠢᠪᠦ᠋ᠲ᠋ᠢ ᠶᠢᠨ ᠲᠠᠯ᠎ᠠ ᠶᠢᠨ ᠠᠳᠢᠰ ᠠᠪᠠᠪᠠ - ᠵᠢᠪᠦ᠋ᠲ᠋ᠢ ᠬᠦᠷᠬᠦ ᠲᠡᠮᠦᠷ ᠵᠠᠮ᠂ ᠤᠯᠠᠨ ᠤᠯᠤᠰ ᠤᠨ ᠴᠢᠯᠦᠭᠡᠲᠦ ᠠᠷᠠᠯᠵᠢᠶᠠᠨ ᠤ ᠣᠷᠣᠨ ᠵᠡᠷᠭᠡ ᠲᠦᠷᠦᠯ ᠵᠦᠢᠯ ᠢ ᠰᠠᠶᠢᠲᠤᠷ ᠡᠵᠡᠩᠨᠡᠬᠦ ᠶᠢ ᠲᠡᠮᠵᠢᠵᠦ᠂ ᠭᠠᠵᠠᠷ ᠣᠷᠣᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠦᠢᠰᠦ ᠶᠢ ᠴᠣᠭᠴᠠᠯᠠᠵᠤ᠂ ᠠᠹᠷᠢᠺᠠ ᠲᠢᠪ ᠤᠨ ᠠᠩᠬᠠᠳᠠᠭᠴᠢ ᠯᠣ᠋ ᠪᠠᠨ ᠤ ᠦᠢᠯᠡᠳᠬᠡᠯ ᠢ ᠬᠠᠮᠲᠤ ᠪᠠᠷ ᠰᠠᠶᠢᠲᠤᠷ ᠡᠵᠡᠩᠨᠡᠵᠦ᠂ ᠵᠢᠪᠦ᠋ᠲ᠋ᠢ ᠶᠢ ᠬᠠᠪᠰᠤᠷᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ ᠳᠤᠮᠳᠠᠳᠤ ᠤᠯᠤᠰ ᠵᠢᠪᠦ᠋ᠲ᠋ᠢ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠹᠷᠢᠺᠠ ᠲᠢᠪ ᠤᠨ ᠬᠤᠱᠣᠣ ᠴᠢᠨᠠᠭᠰᠢᠯᠠᠪᠠᠯ ᠠᠹᠷᠢᠺᠠ ᠲᠢᠪ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠳᠡᠮᠵᠢᠨ᠎ᠠ ᠭᠡᠵᠦ ᠴᠢᠬᠤᠯᠠᠴᠢᠯᠠᠪᠠ᠃      ᠭᠠᠶᠢᠯᠠᠢ᠂ ᠪᠢ ᠳᠤᠮᠳᠠᠳᠤ ᠤᠯᠤᠰ ᠲᠤ ᠠᠶᠢᠯᠴᠢᠯᠠᠬᠤ ᠪᠣᠯᠭᠠᠨ ᠴᠥᠮ ᠭᠡᠷ ᠲᠡᠭᠡᠨ ᠢᠷᠡᠭᠰᠡᠨ ᠮᠡᠲᠦ ᠰᠠᠨᠠᠭᠳᠠᠳᠠᠭ᠂ ᠳᠤᠮᠳᠠᠳᠤ ᠶᠢᠨ ᠲᠠᠯ᠎ᠠ ᠶᠢᠨ ᠳᠣᠲᠣᠨᠣᠰᠤᠭ ᠬᠠᠯᠠᠭᠤᠮᠰᠤᠭ ᠲᠣᠬᠢᠷᠠᠭᠤᠯᠭ᠎ᠠ ᠳᠤ ᠲᠠᠯᠠᠷᠬᠠᠵᠤ ᠪᠠᠶᠢᠨ᠎ᠠ᠃ ᠵᠢᠪᠦ᠋ᠲ᠋ᠢ ᠳᠤᠮᠳᠠᠳᠤ ᠶᠢᠨ ᠬᠠᠷᠢᠯᠴᠠᠭ᠎ᠠ ᠨᠢᠭᠡᠨᠲᠡ 45 ᠵᠢᠯ ᠢ ᠥᠩᠭᠡᠷᠡᠭᠦᠯᠪᠡ᠂ ᠡᠨᠡ ᠪᠣᠯ ᠳᠤᠮᠳᠠᠳᠤ ᠤᠯᠤᠰ ᠤᠨ ᠲᠦᠷᠭᠡᠨ ᠬᠥᠭᠵᠢᠯᠲᠡ ᠪᠣᠯᠣᠨ ᠵᠢᠪᠦ᠋ᠲ᠋ᠢ ᠳᠤᠮᠳᠠᠳᠤ ᠶᠢᠨ ᠬᠠᠷᠢᠯᠴᠠᠭ᠎ᠠ ᠶᠢᠨ ᠲᠦᠷᠭᠡᠨ ᠬᠥᠭᠵᠢᠯᠲᠡ ᠬᠤᠣᠰᠯᠠᠭᠰᠠᠨ 45 ᠵᠢᠯ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠵᠢᠪᠦ᠋ᠲ᠋ᠢ ᠶᠢᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ ᠵᠢᠪᠦ᠋ᠲ᠋ᠢ ᠳᠤᠮᠳᠠᠳᠤ ᠶᠢᠨ ᠬᠠᠷᠢᠯᠴᠠᠭ᠎ᠠ ᠳᠤ ᠢᠯᠡᠷᠡᠭᠰᠡᠨ ᠠᠮᠢᠵᠢᠷᠠᠯ ᠤᠨ ᠬᠦᠴᠦᠨ ᠳᠤ ᠵᠢᠪᠦ᠋ᠲ᠋ᠢ ᠶᠢᠨ ᠲᠠᠯ᠎ᠠ ᠶᠢᠨ ᠬᠢᠨ ᠰᠡᠳᠬᠢᠯ ᠬᠠᠨᠤᠮᠵᠢᠲᠠᠢ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠠᠳᠢᠰ ᠠᠪᠠᠪᠠ - ᠵᠢᠪᠦ᠋ᠲ᠋ᠢ ᠬᠦᠷᠬᠦ ᠲᠡᠮᠦᠷ ᠵᠠᠮ ᠵᠡᠷᠭᠡ ᠴᠢᠬᠤᠯᠠ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠣᠣᠷ᠎ᠠ᠂ ᠵᠢᠪᠦ᠋ᠲ᠋ᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠪᠣᠯᠣᠨ ᠬᠥᠭᠵᠢᠯᠲᠡ ᠶᠢ ᠠᠬᠢᠭᠤᠯᠬᠤ ᠳᠤ ᠬᠠᠮᠲᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠠᠹᠷᠢᠺᠠ ᠲᠢᠪ ᠤᠨ ᠤᠯᠤᠰ ᠤᠳ ᠤᠨ ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠵᠢᠪᠦ᠋ᠲ᠋ᠢ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ᠂ ᠬᠥᠭᠵᠢᠯᠲᠡ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠬᠦᠷᠢᠶᠡᠨ ᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠵᠧᠩ ᠮᠢᠩ ᠳ᠋ᠡ ᠸᠧᠢ ᠮᠧᠩ ᠵᠢᠶᠠ︶ 9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠰᠸᠶᠢᠱᠧᠯ ᠤᠨ ᠶᠡᠷᠦᠩᠬᠡᠶᠢᠯᠡᠭᠴᠢ ᠯᠠᠮᠦᠺᠠᠯᠠᠸᠠᠩ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠰᠸᠶᠢᠱᠧᠯ ᠤᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠰᠸᠶᠢᠱᠧᠯ ᠬᠤᠶᠠᠷ ᠤᠯᠤᠰ ᠲᠤᠰ ᠲᠤᠰ ᠶᠡᠭᠡ ᠳᠠᠯᠠᠢ ᠶᠢᠨ ᠬᠤᠶᠠᠷ ᠦᠵᠦᠭᠦᠷ ᠲᠤ ᠪᠠᠶᠢᠷᠢᠯᠠᠵᠤ᠂ ᠨᠥᠭᠦᠷᠰᠡᠭ ᠶᠠᠪᠤᠯᠴᠠᠭ᠎ᠠ ᠪᠠᠷ ᠳᠠᠮᠵᠢᠨ ᠠᠭᠤᠯᠠ ᠳᠠᠯᠠᠢ ᠶᠢ ᠠᠯᠤᠰᠯᠠᠭᠰᠠᠨ ᠪᠠᠲᠤ ᠪᠠᠬᠢ ᠨᠥᠬᠦᠷᠯᠡᠯ ᠢ ᠪᠠᠶᠢᠭᠤᠯᠪᠠ᠃ ᠳᠤᠮᠳᠠᠳᠤ ᠰᠸᠶᠢᠱᠧᠯ ᠤᠨ ᠬᠠᠷᠢᠯᠴᠠᠭ᠎ᠠ ᠪᠣᠯ ᠶᠡᠭᠡ ᠪᠠᠭ᠎ᠠ ᠤᠯᠤᠰ ᠤᠨ ᠦᠨᠡᠨᠴᠢ ᠨᠥᠭᠦᠷᠰᠡᠭ᠂ ᠡᠷᠬᠡ ᠲᠡᠭᠰᠢ ᠪᠠᠷ ᠬᠠᠷᠢᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢᠨ ᠨᠡᠶᠢᠲᠡᠯᠢᠭ ᠵᠢᠱᠢᠶ᠎ᠡ ᠪᠣᠯᠣᠨ᠎ᠠ᠃ ᠬᠤᠶᠠᠷ ᠤᠯᠤᠰ ᠢᠶᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠳᠡᠮᠵᠢᠬᠦ ᠶᠢ ᠦᠷᠭᠦᠯᠵᠢᠯᠡᠨ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠮᠲᠤ ᠶᠢᠨ ᠠᠮᠤᠷ ᠲᠦᠪᠰᠢᠨ ᠢ ᠪᠠᠷᠢᠮᠲᠠᠯᠠᠵᠤ᠂ ᠤᠯᠠᠮᠵᠢᠯᠠᠯᠲᠤ ᠨᠥᠬᠦᠷᠯᠡᠯ ᠢ ᠪᠠᠷᠢᠮᠲᠠᠯᠠᠶ᠎ᠠ᠃ ᠰᠸᠶᠢᠱᠧᠯ ᠤᠨ ᠲᠠᠯ᠎ᠠ ᠶᠢᠨ ᠬᠢᠨ ᠳᠤᠮᠳᠠᠳᠤ ᠤᠯᠤᠰ - ᠡᠨᠡᠳᠬᠡᠭ ᠳᠠᠯᠠᠢ ᠶᠢᠨ ᠣᠷᠣᠨ ᠤ ᠬᠥᠭᠵᠢᠯᠲᠡ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠦᠷᠭᠦᠯᠵᠢᠯᠡᠨ ᠣᠷᠣᠯᠴᠠᠵᠤ᠂ ᠳᠠᠯᠠᠢ ᠲᠠᠩᠭᠢᠰ ᠤᠨ ᠡᠬᠢ ᠪᠠᠶᠠᠯᠢᠭ ᠤᠨ ᠦᠷᠭᠦᠯᠵᠢᠯᠡᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠸᠶᠢᠱᠧᠯ ᠤᠨ ᠳᠠᠯᠠᠢ ᠲᠠᠨᠬᠭᠢᠰ ᠤᠨ ᠠᠵᠤ ᠠᠬᠤᠢ ᠶᠢᠨ ᠳᠠᠯᠳᠠ ᠬᠦᠴᠦᠨ ᠢ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠸᠶᠢᠱᠧᠯ ᠤᠨ  ᠬᠢᠨ ᠲᠠᠢ ᠪᠠᠴᠢᠮ ᠪᠠᠶᠢᠳᠠᠯ ᠢ ᠠᠷᠭᠠᠴᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠸᠶᠢᠱᠧᠯ ᠤᠨ ᠬᠢᠨ ᠤ ᠲᠡᠯᠡᠶ ᠶᠢᠨ ᠳᠡᠭᠡᠷᠡᠮ ᠪᠣᠯᠣᠨ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ ᠶᠢ ᠳᠡᠮᠵᠢᠵᠦ᠂ ᠳᠤᠮᠳᠠᠳᠤ ᠰᠸᠶᠢᠱᠧᠯ ᠤᠨ ᠰᠢᠭᠤᠳ ᠨᠡᠪᠲᠡᠷᠡᠬᠦ ᠠᠭᠠᠷ ᠤᠨ ᠠᠶᠠᠯᠠᠯ ᠢ ᠨᠡᠪᠲᠡᠷᠡᠭᠦᠯᠬᠦ ᠶᠢ ᠳᠡᠮᠵᠢᠵᠦ᠂ ᠬᠤᠶᠠᠷ ᠤᠯᠤᠰ ᠤᠨ ᠵᠢᠭᠤᠯᠴᠢᠯᠠᠬᠰᠠᠳ ᠤᠨ ︽ᠥᠭᠡᠳᠡ ᠥᠭᠡᠳᠡ ᠠᠴᠠ ᠪᠠᠨ ᠲᠡᠮᠡᠦᠯᠬᠦ︾ ᠶᠢ ᠵᠣᠷᠢᠭᠵᠢᠭᠤᠯᠤᠨ᠎ᠠ᠃ ᠨᠡᠩ ᠤᠯᠠᠨ ᠰᠸᠶᠢᠱᠧᠯ ᠤᠨ ᠰᠢᠯᠢᠳᠡᠭ ᠰᠤᠷᠤᠬᠴᠢᠳ ᠤᠨ ᠳᠤᠮᠳᠠᠳᠤ ᠤᠯᠤᠰ ᠲᠤ ᠢᠷᠡᠵᠤ ᠰᠤᠳᠤᠯᠤᠨ ᠰᠤᠷᠤᠯᠴᠠᠵᠤ᠂ ᠬᠤᠶᠠᠷ ᠤᠯᠤᠰ ᠤᠨ ᠨᠥᠬᠦᠷᠯᠡᠯ ᠤᠨ ᠦᠢᠯᠡᠰ ᠢ ᠤᠯᠠᠮᠵᠢᠯᠠᠨ ᠵᠠᠯᠭᠠᠮᠵᠢᠯᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠴᠠᠭ ᠦᠶ᠎ᠡ ᠶᠢ ᠲᠠᠭᠠᠨ ᠪᠦᠭᠦ ᠲᠠᠯ᠎ᠠ  ᠪᠠᠷ ᠤᠷᠤᠭᠰᠢᠯᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 24 ᠵᠢᠯ ᠤᠨ ᠲᠤᠷᠰᠢ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠲᠠᠶᠢᠴᠢᠯᠠᠵᠥ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠪᠠ᠃ ᠳᠤᠮᠳᠠᠳᠤ ᠤᠯᠤᠰ ᠳᠤᠷᠠᠲᠠᠶ᠎ᠠ ᠰᠸᠶᠢᠱᠧᠯ ᠵᠡᠷᠭᠡ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠰᠢᠵᠢᠷ ᠠᠯᠳᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠯᠠᠮᠦᠺᠠᠯᠠᠸᠠᠩ᠂ ᠰᠸᠶᠢᠱᠧᠯ ᠳᠤᠮᠳᠠᠳᠤ ᠶᠢᠨ ᠨᠥᠬᠦᠷᠯᠡᠯ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠭᠰᠠᠭᠠᠷ ᠢᠷᠡᠵᠠᠢ᠃ ᠳᠤᠮᠳᠠᠳᠤ ᠤᠯᠤᠰ ᠰᠸᠶᠢᠱᠧᠯ ᠳᠤ ᠡᠯ᠎ᠡ ᠵᠦᠢᠯ ᠤᠨ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠸᠠᠺᠼᠢᠨ ᠤ ᠠᠴᠢ ᠪᠠᠷ᠂ ᠰᠸᠶᠢᠱᠧᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠨᠡᠯᠢᠶᠡᠳ ᠲᠦᠷᠭᠡᠨ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠰᠡᠷᠭᠦᠭᠡᠭᠰᠡᠨ ᠪᠠᠶᠢᠨ᠎ᠠ᠃ ᠰᠸᠶᠢᠱᠧᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠬᠤᠯᠠ ᠶᠢᠨ ᠬᠠᠷᠠᠴᠠ ᠬᠤᠷᠴᠠ ᠲᠠᠨᠢᠯᠲᠠ ᠪᠣᠯᠣᠨ ᠳᠤᠷᠠᠳᠤᠭᠰᠠᠨ ᠴᠢᠬᠤᠯᠠ ᠶᠡᠭᠡ ᠣᠶᠢᠯᠠᠭᠠᠭᠳᠠᠬᠤᠨ ᠰᠠᠨᠠᠭᠠᠴᠢᠯᠠᠭ᠎ᠠ ᠶᠢ ᠪᠢᠰᠢᠷᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠡᠷᠡᠰ ᠪᠠᠲᠤ ᠪᠠᠷ ᠬᠠᠷᠢᠯᠴᠠᠨ ᠳᠡᠮᠵᠢᠯᠴᠡᠵᠦ᠂ ᠬᠠᠷᠢᠯᠴᠠᠨ ᠵᠢᠩᠬᠢᠨᠢ ᠨᠠᠶᠢᠵᠠ ᠪᠣᠯᠣᠯᠴᠠᠨ᠎ᠠ᠃ ᠰᠸᠶᠢᠱᠧᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢ ᠳᠡᠮᠵᠢᠨ᠎ᠠ᠃ ᠰᠸᠶᠢᠱᠧᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ᠴᠧᠩᠳᠦ᠋ ᠠᠴᠠ ᠰᠸᠶᠢᠱᠧᠯ ᠬᠦᠷᠬᠦ ᠰᠢᠭᠤᠳ ᠠᠶᠠᠯᠠᠯ ᠢ ᠨᠡᠪᠲᠡᠷᠡᠭᠦᠯᠦᠭᠰᠡᠨ ᠨᠢ ᠬᠤᠶᠠᠷ ᠤᠯᠤᠰ ᠤᠨ ᠨᠥᠬᠦᠷᠯᠡᠯ ᠢ ᠤᠯᠠᠮ ᠨᠢᠭᠡ ᠠᠯᠬᠤᠮ ᠠᠬᠢᠭᠤᠯᠬᠤ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠲᠠᠯᠠᠢ ᠶᠢᠨ ᠴᠡᠷᠢᠭ ᠤᠨ ︽ᠡᠩᠬᠡ ᠲᠠᠶᠢᠪᠤᠩ ᠤᠨ ᠣᠩᠭᠤᠴᠠ︾ ᠰᠸᠶᠢᠱᠧᠯ ᠳᠤ ᠳᠠᠬᠢᠨᠲᠠ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠣᠯᠬᠤ ᠶᠢ ᠵᠥᠩᠨᠡᠶ᠎ᠡ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠰᠸᠶᠢᠱᠧᠯ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ᠂ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠣᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠪᠣᠯᠣᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ ᠮᠠ ᠵᠦᠸᠧ ᠶᠠᠨ ᠵᠠᠩ ᠮᠠᠨ ᠽᠢ︶9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠲᠤᠮᠳᠠᠳᠤ ᠤᠯᠤᠰ ᠲᠤ ᠢᠷᠡᠭᠰᠡᠨ ᠡᠧᠷᠢᠲᠷᠧᠶ᠋ᠨ  ᠶᠢᠨ ᠶᠡᠷᠦᠩᠬᠡᠶᠢᠯᠡᠭᠴᠢ ᠢᠰᠠᠶᠠᠰ ᠲᠠᠢ ᠠᠭᠤᠯᠵᠠᠪᠠ᠃      ᠰᠢ ᠶᠢᠨ ᠫᠢᠩ᠂ ᠳᠤᠮᠳᠠᠳᠤ ᠡᠧᠷᠢᠲᠷᠧᠶᠠ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠲᠤᠷᠰᠢ᠂ ᠢᠮᠠᠭᠲᠠ ᠬᠠᠷᠢᠯᠴᠠᠨ ᠢᠲᠡᠭᠡᠯᠴᠡᠵᠦ᠂ ᠬᠠᠷᠢᠯᠴᠠᠨ ᠡᠷᠡᠰ ᠪᠠᠲᠤ ᠬᠦᠴᠦᠲᠡᠢ ᠳᠡᠮᠵᠢᠭᠰᠡᠭᠡᠷ ᠢᠷᠡᠪᠡ᠃ ᠨᠢᠳᠤᠨᠤᠨ ᠤ 5 ᠰᠠᠷ᠎ᠠ ᠳᠤ᠂ ᠶᠡᠷᠦᠩᠬᠡᠶᠢᠯᠡᠭᠴᠢ ᠠᠪᠤᠭᠠᠢ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠢᠳᠡᠪᠬᠢᠲᠡᠢ ᠠᠬᠢᠴᠠ ᠲᠠᠢ ᠪᠣᠯᠪᠠ᠃ ᠳᠤᠮᠳᠠᠳᠤ ᠤᠯᠤᠰ ᠡᠧᠷᠢᠲᠷᠧᠶᠠ ᠶᠢᠨ  ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠤᠯᠤᠰ ᠤᠨ ᠡᠷᠬᠡ ᠮᠡᠳᠡᠯ ᠪᠣᠯᠣᠨ ᠨᠡᠷ᠎ᠡ ᠬᠦᠨᠳᠦ ᠪᠠᠨ ᠡᠷᠡᠰ ᠬᠠᠮᠠᠭᠠᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠡᠧᠷᠢᠲᠷᠧᠶᠠ ᠶᠢᠨ ᠬᠠᠷᠢᠯᠴᠠᠭ᠎ᠠ ᠳᠤ ᠬᠠᠨᠳᠤᠵᠤ ᠪᠠᠶᠢᠭ᠎ᠠ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠡᠧᠷᠢᠲᠷᠧᠶᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠡᠧᠷᠢᠲᠷᠧᠶᠠ ᠬᠤᠶᠠᠷ ᠲᠠᠯ᠎ᠠ ᠪᠠᠷ ᠢᠶᠠᠨ ᠰᠡᠳᠬᠢᠯ ᠢᠶᠠᠨ ᠮᠡᠳᠡᠯᠴᠡᠭᠰᠡᠨ ᠰᠠᠶᠢᠨ ᠠᠬ᠎ᠠ ᠳᠡᠭᠦᠦ᠂ ᠬᠠᠷᠢᠯᠴᠠᠨ ᠠᠰᠢᠭᠲᠠᠢ ᠬᠠᠮᠲᠤ  ᠪᠠᠷ ᠠᠰᠢᠭ ᠭᠦᠷᠳᠡᠭᠦ ᠰᠠᠶᠢᠨ ᠬᠠᠨᠢᠲᠠᠨ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠰᠠᠶᠢᠨ ᠨᠠᠶᠢᠵᠠ ᠪᠣᠯᠣᠯᠴᠠᠶ᠎ᠠ᠃ ᠳᠤᠮᠳᠠᠳᠤ ᠤᠯᠤᠰ ᠳᠤᠷᠠᠲᠠᠶ᠎ᠠ ᠡᠧᠷᠢᠲᠷᠧᠶᠠ ᠯᠤᠭ᠎ᠠ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠰᠣᠯᠢᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ︽ᠠᠹᠷᠢᠺᠠ ᠲᠢᠪ ᠤᠨ ᠬᠤᠱᠣᠣ ᠶᠢᠨ ᠡᠩᠬᠡ ᠲᠠᠶᠢᠪᠤᠩ ᠬᠥᠭᠵᠢᠯᠲᠡ ᠶᠢᠨ ᠪᠣᠳᠣᠯᠬᠢᠯᠠᠯ︾ ᠵᠡᠷᠭᠡ ᠰᠠᠨᠠᠭᠠᠴᠢᠯᠠᠭ᠎ᠠ ᠪᠣᠯᠣᠨ ᠲᠣᠭᠲᠠᠴᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠡᠨᠧᠷᠭᠢ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠧᠷᠢᠲᠷᠧᠶᠠ ᠶᠢᠨ ᠲᠠᠯ᠎ᠠ ᠶᠢᠨ ᠬᠢᠨ ᠤ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠨ᠎ᠡ᠃ ᠳᠤᠮᠳᠠᠳᠤ ᠡᠧᠷᠢᠲᠷᠧᠶᠠ ᠮᠠᠰᠢ ᠤᠯᠠᠨ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠦᠵᠡᠯᠲᠡ ᠠᠳᠠᠯᠢᠪᠲᠤᠷ ᠪᠠᠶᠢᠨ᠎ᠠ᠂ ᠳᠤᠮᠳᠠᠳᠤ ᠤᠯᠤᠰ ᠳᠤᠷᠠᠲᠠᠶ᠎ᠠ ᠡᠧᠷᠢᠲᠷᠧᠶᠠ  ᠯᠤᠭ᠎ᠠ ᠵᠣᠬᠢᠴᠠᠭᠤᠯᠭ᠎ᠠ ᠬᠠᠮᠵᠢᠯᠴᠠᠭ᠎ᠠ ᠪᠠᠨ ᠪᠠᠲᠤᠯᠠᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠤᠨ ᠲᠥᠯᠥᠭᠡ ᠴᠢᠷᠮᠠᠶᠢᠨ᠎ᠠ ᠭᠡᠵᠦ ᠴᠢᠬᠤᠯᠠᠴᠢᠯᠠᠪᠠ᠃      ᠢᠰᠠᠶᠠᠰ᠂ ᠪᠢ 57 ᠵᠢᠯ ᠤᠨ ᠡᠮᠦᠨ᠎ᠡ ᠠᠩᠬ᠎ᠠ ᠤᠳᠠᠭ᠎ᠠ ᠳᠤᠮᠳᠠᠳᠤ ᠤᠯᠤᠰ ᠲᠤ ᠠᠶᠢᠯᠴᠢᠯᠠᠵᠤ᠂ ᠬᠠᠭᠠᠰ ᠵᠠᠭᠤᠨ ᠤ ᠲᠤᠷᠰᠢ᠂ ᠳᠤᠮᠳᠠᠳᠤ ᠤᠯᠤᠰ ᠤᠨ ᠣᠯᠣᠭᠰᠠᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠣᠨ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠪᠡᠶ᠎ᠡ ᠪᠠᠷ ᠢᠶᠠᠨ ᠭᠡᠷᠡᠴᠢᠯᠡᠪᠡ᠃ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠮᠠᠰᠢ ᠴᠢᠬᠤᠯᠠ ᠪᠠᠶᠢᠵᠤ᠂ ᠡᠳᠦᠷ ᠢᠷᠡᠬᠦᠶ᠎ᠡ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠵᠠᠩᠭᠢᠯᠠᠭ᠎ᠠ ᠶᠢᠨ ᠬᠦᠴᠦᠨ ᠪᠣᠯᠵᠤ ᠪᠠᠶᠢᠨ᠎ᠠ᠃ ᠡᠧᠷᠢᠲᠷᠧᠶᠠ ᠳᠤᠮᠳᠠᠳᠤ ᠶᠢᠨ ᠬᠠᠷᠢᠯᠴᠠᠭ᠎ᠠ ᠶᠢᠨ ᠲᠡᠦᠬᠡ ᠭᠦᠨ ᠵᠤᠵᠠᠭᠠᠨ᠂ ᠨᠥᠬᠦᠷᠯᠡᠯ ᠪᠠᠲᠤ ᠪᠠᠬᠢ᠂ ᠬᠠᠮᠲᠤᠷᠠᠯᠴᠠᠭ᠎ᠠ ᠰᠠᠶᠢᠨ᠂ ᠬᠤᠶᠠᠷ ᠲᠠᠯ᠎ᠠ ᠪᠠᠷ ᠢᠶᠠᠨ ᠮᠠᠰᠢ ᠤᠯᠠᠨ ᠠᠰᠠᠭᠤᠳᠠᠯ ᠳᠡᠭᠡᠷ᠎ᠡ ᠬᠠᠮᠲᠤ ᠶᠢᠨ ᠲᠠᠨᠢᠯᠲᠠ ᠲᠠᠢ ᠶᠤᠮ᠃ ᠳᠤᠮᠳᠠᠳᠤ ᠤᠯᠤᠰ  ᠯᠤᠭ᠎ᠠ ᠶᠢᠨ ᠬᠠᠮᠲᠤᠷᠠᠯᠴᠠᠭ᠎ᠠ ᠨᠢ ᠠᠹᠷᠢᠺᠠ ᠲᠢᠪ ᠤᠨ ᠤᠯᠤᠰ ᠤᠳ ᠢ ᠬᠠᠪᠰᠤᠷᠤᠨ ᠬᠥᠭᠵᠢᠯᠲᠡ ᠶᠢ ᠨᠢ ᠨᠡᠩ ᠰᠠᠶᠢᠲᠤᠷ ᠪᠡᠶᠡᠯᠡᠭᠦᠯᠵᠦ᠂ ᠺᠣᠯᠣᠨᠢᠴᠢᠯᠠᠬᠤ ᠦᠵᠡᠯ᠂ ᠡᠵᠡᠷᠬᠡᠬᠦ ᠦᠵᠡᠯ ᠢ ᠡᠰᠡᠷᠭᠦᠴᠡᠨ ᠬᠤᠷᠢᠭᠯᠠᠵᠤ᠂ ᠳᠡᠯᠡᠬᠡᠢ ᠳᠡᠭᠡᠷ᠎ᠡ ᠡᠷᠬᠡ ᠲᠡᠭᠰᠢ ᠪᠠ ᠨᠡᠷ᠎ᠡ ᠬᠦᠨᠳᠦ ᠲᠠᠢ ᠪᠣᠯᠭᠠᠨ᠎ᠠ᠃ ᠡᠧᠷᠢᠲᠷᠧᠶᠠ ᠶᠢᠨ ᠲᠠᠯ᠎ᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠪᠠᠷᠢᠮᠲᠠᠯᠠᠨ᠎ᠠ᠃ ᠡᠧᠷᠢᠲᠷᠧᠶᠠ ᠶᠢᠨ ᠬᠢᠨ ᠳᠤᠮᠳᠠᠳᠤ ᠤᠯᠤᠰ ᠯᠤᠭ᠎ᠠ ᠡᠨᠧᠷᠭᠢ᠂ ᠰᠠᠭᠤᠷᠢ ᠲᠥᠬᠦᠭᠡᠷᠦᠮᠵᠢ᠂ ᠲᠠᠯᠠᠢ ᠲᠠᠩᠭᠢᠰ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠨᠢ ᠤᠯᠠᠨ ᠤᠯᠤᠰ ᠤᠨ ᠠᠹᠷᠢᠺᠠ ᠲᠢᠪ ᠲᠠᠬᠢ ᠬᠠᠮᠲᠤᠷᠠᠯᠴᠠᠭ᠎ᠠ ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ ᠡᠧᠷᠢᠲᠷᠧᠶᠠ ᠶᠢᠨ ᠬᠢᠨ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠠᠮᠵᠢᠯᠲᠠ ᠣᠯᠵᠤ᠂ ᠠᠹᠷᠢᠺᠠ ᠲᠢᠪ ᠤᠨ ᠤᠯᠤᠰ ᠤᠳ ᠤᠨ ᠥᠷᠢᠰᠦᠯᠳᠦᠭᠡᠨ ᠢ ᠢᠯᠠᠨ ᠳᠠᠪᠠᠭ᠋ᠤ ᠳᠤ ᠬᠦᠴᠦᠨ ᠨᠡᠮᠡᠷᠢᠯᠡᠵᠦ᠂ ᠨᠡᠩ ᠤᠯᠠᠨ ᠬᠥᠭᠵᠢᠯᠲᠡ ᠶᠢᠨ ᠠᠵᠠ ᠲᠣᠭᠢᠶᠠᠯ ᠣᠯᠵᠤ᠂ ᠠᠮᠤᠷ ᠲᠦᠪᠰᠢᠨ ᠲᠣᠭᠲᠠᠭᠤᠨ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠪᠦᠭᠦ ᠠᠹᠷᠢᠺᠠ ᠲᠢᠪ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ ᠬᠦᠰᠡᠨ ᠵᠥᠩᠨᠡᠵᠦ ᠪᠠᠶᠢᠨ᠎ᠠ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠡᠧᠷᠢᠲᠷᠧᠶᠠ ᠬᠤᠶᠠᠷ ᠲᠠᠯ᠎ᠠ ᠪᠠᠷ ᠢᠶᠠᠨ ᠬᠥᠳᠡᠭᠡ ᠠᠵᠤ ᠠᠬᠤᠢ᠂ ᠷᠠᠳᠢᠣ᠋ ᠲᠧᠯᠸᠢᠰ ᠵᠡᠷᠭᠡ ᠬᠦᠷᠢᠶᠡᠨ ᠤ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 2 ᠤᠨ ᠴᠠᠭᠢᠯᠭᠠᠨ ᠮᠡᠳᠡᠭᠡ ︵ᠰᠤᠷᠪᠤᠯᠵᠢᠯᠠᠬᠴᠢ  ᠱᠤᠤ ᠢ ᠪᠦᠸᠧ  ᠵᠤᠤ ᠰᠢᠦᠢ︶9 ᠰᠠᠷ᠎ᠠ ᠶᠢᠨ 2 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠭᠢᠨ᠋ᠸᠶᠠ ᠶᠢᠨ ᠶᠡᠷᠦᠩᠬᠡᠶᠢᠯᠡᠭᠴᠢ ᠳ᠋ᠦᠨᠪᠦ᠋ᠶᠠ ᠲᠠᠢ ᠠᠭᠤᠯᠵᠠᠪᠠ᠃      ᠰᠢ ᠶᠢᠨ ᠫᠢᠩ᠂ ᠭᠢᠨ᠋ᠸᠶᠠ ᠪᠣᠯ ᠰᠢᠨ᠎ᠡ ᠳᠤᠮᠳᠠᠳᠤ ᠤᠯᠤᠰ ᠤᠨ ᠰᠠᠬᠠᠷᠠ ᠠᠴᠠ ᠡᠮᠦᠨᠡᠰᠢᠬᠢ ᠠᠹᠷᠢᠺᠠ ᠲᠢᠪ ᠤᠨ ᠤᠯᠤᠰ ᠤᠳ ᠤᠨ ᠠᠩᠬᠠᠳᠠᠭᠴᠢ ᠬᠠᠷᠢᠯᠴᠠᠭ᠎ᠠ ᠪᠠᠶᠢᠭᠤᠯᠤᠭᠰᠠᠨ ᠤᠯᠤᠰ ᠪᠣᠯᠣᠨ᠎ᠠ᠂ ᠳᠠᠷᠠᠭ᠎ᠠ ᠰᠠᠷ᠎ᠠ ᠳᠤ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠤᠭᠲᠤᠬᠤ ᠪᠣᠯᠣᠨ᠎ᠠ᠃ 65 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠵᠠᠮ ᠢᠶᠠᠷ ᠵᠠᠮᠨᠠᠬᠤ ᠶᠢ ᠳᠡᠮᠵᠢᠪᠡ; ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠪᠡ; ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ ᠨᠥᠭᠦᠭᠡ ᠡᠲᠡᠭᠡᠳ ᠨᠢ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠠᠷᠢᠯᠴᠠᠨ ᠳᠡᠮᠵᠢᠯᠴᠡᠪᠡ᠃ ᠳᠤᠮᠳᠠᠳᠤ ᠤᠯᠤᠰ ᠳᠤᠷᠠᠲᠠᠶ᠎ᠠ ᠭᠢᠨ᠋ᠸᠶᠠ ᠶᠢᠨ ᠬᠢᠨ ᠲᠠᠢ ᠬᠠᠮᠲᠤ ᠪᠠᠷ ᠳᠤᠮᠳᠠᠳᠤ ᠭᠢᠨ᠋ᠸᠶᠠ  ᠶᠢᠨ ᠤᠯᠠᠮᠵᠢᠯᠠᠯᠲᠤ ᠨᠥᠬᠦᠷᠯᠡᠯ ᠢ ᠰᠠᠶᠢᠲᠤᠷ ᠬᠥᠭᠵᠢᠭᠦᠯᠦᠨ ᠪᠠᠳᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠠᠴᠠ ᠤᠳᠠᠯ ᠦᠭᠡᠢ ᠭᠠᠷᠭᠠᠬᠤ ᠭᠡᠵᠦ ᠪᠠᠶᠢᠭ᠎ᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠠᠭᠤᠷᠢ ᠲᠥᠬᠦᠭᠡᠷᠦᠮᠵᠢ᠂ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠬᠥᠳᠡᠭᠡ ᠲᠣᠰᠬᠤᠨ ᠤ ᠬᠥᠭᠵᠢᠯᠲᠡ ᠪᠣᠯᠣᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠢᠨ᠋ᠸᠶᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠳᠤᠮᠳᠠᠳᠤ ᠭᠢᠨ᠋ᠸᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠷ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠹᠷᠢᠺᠠ ᠲᠢᠪ ᠵᠡᠷᠭᠡ ᠬᠥᠭᠵᠢᠵᠦ ᠪᠠᠶᠢᠭ᠎ᠠ ᠤᠯᠤᠰ ᠤᠳ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠰᠠᠭᠤᠷᠢ ᠴᠢᠯᠠᠭᠤ ᠮᠥᠨ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠪᠦᠲᠦᠮᠵᠢᠲᠡᠢ ᠲᠣᠭᠲᠠᠴᠠ ᠪᠤᠯᠬᠤ ᠪᠠᠷ ᠪᠠᠷᠠᠬᠤ ᠦᠭᠡᠢ᠂ ᠨᠡᠩ ᠴᠤ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠲᠤᠭ ᠲᠡᠮᠳᠡᠭ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠭᠢᠨ᠋ᠸᠶᠠ ᠯᠦᠭᠡ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠦᠴᠦᠨ ᠢ ᠨᠢᠭᠲᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠳ᠋ᠦᠨᠪᠦ᠋ᠶᠠ᠂ ᠮᠠᠰᠢ ᠠᠵᠠ ᠵᠠᠪᠰᠢᠶᠠᠨ ᠲᠠᠢ ᠪᠠᠷ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠢᠷᠡᠪᠡ᠃ ᠭᠢᠨ᠋ᠸᠶᠠ ᠪᠣᠯ ᠰᠠᠬᠠᠷᠠ ᠠᠴᠠ ᠡᠮᠦᠨᠡᠰᠢᠬᠢ ᠠᠹᠷᠢᠺᠠ ᠲᠢᠪ ᠤᠨ ᠤᠯᠤᠰ ᠤᠳ ᠤᠨ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠳᠠᠭᠴᠢ ᠤᠯᠤᠰ ᠪᠣᠯᠣᠨ᠎ᠠ᠂ ᠭᠢᠨ᠋ᠸᠶᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ᠂ ᠳᠠᠷᠤᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠬᠤ ᠶᠢ ᠮᠡᠳᠡᠷᠡᠨ᠎ᠡ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ ᠤᠳᠤᠷᠢᠳᠤᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠲᠡᠷᠢᠭᠦᠨ ᠤ ᠣᠶᠢᠯᠠᠭᠠᠭᠳᠠᠬᠤᠨ ᠪᠣᠯᠣᠨ ᠠᠮᠵᠢᠯᠲᠠ ᠲᠠᠢ ᠲᠤᠷᠰᠢᠯᠭ᠎ᠠ ᠨᠢ ᠭᠢᠨ᠋ᠸᠶᠠ ᠳᠤ ᠡᠷᠬᠢᠮ ᠨᠠᠨᠳᠢᠨ ᠲᠣᠯᠢ ᠪᠣᠯᠪᠠ᠃ ᠳᠤᠮᠳᠠᠳᠤ ᠤᠯᠤᠰ ᠤᠨ ᠭᠢᠨ᠋ᠸᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠢᠨ᠋ᠸᠶᠠ ᠳᠠᠬᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠨᠢ ᠭᠢᠨ᠋ᠸᠶᠠ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢᠨ ᠨᠡᠶᠢᠲᠡᠯᠢᠭ ᠵᠢᠱᠢᠶ᠎ᠡ ᠪᠣᠯᠵᠠᠢ᠃ ᠭᠢᠨ᠋ᠸᠶᠠ ᠶᠢᠨ ᠬᠢᠨ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠠᠮᠵᠢᠯᠲᠠ ᠣᠯᠵᠤ᠂ ᠰᠠᠭᠤᠷᠢ ᠲᠥᠬᠦᠭᠡᠷᠦᠮᠵᠢ᠂ ᠡᠨᠧᠷᠭᠢ ᠶᠢᠨ ᠠᠭᠤᠷᠬᠠᠢ᠂ ᠵᠠᠮ ᠬᠠᠷᠢᠯᠴᠠᠭ᠎ᠠ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ