ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ - ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠰᠦᠨ ᠶᠧ ᠯᠢ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/9/3
      ᠰᠣᠶᠣᠯ ᠮᠠᠨᠳᠤᠪᠠᠯ ᠤᠯᠤᠰ ᠣᠷᠣᠨ ᠮᠠᠨᠳᠤᠵᠤ᠂ ᠰᠣᠶᠣᠯ ᠬᠦᠴᠦᠷᠬᠡᠭᠵᠢᠪᠡᠯ ᠦᠨᠳᠦᠰᠦᠲᠡᠨ  ᠬᠦᠴᠦᠷᠬᠡᠭᠵᠢᠨ᠎ᠡ᠃ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠨᠢ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠣᠶᠣᠯ ᠤᠨ ᠥᠭᠡᠷᠡᠴᠢᠯᠡᠯᠲᠡ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠠᠮᠠᠷ ᠠᠮᠵᠢᠯᠲᠠ ᠪᠦᠲᠦᠮᠵᠢ ᠣᠯᠣᠭᠰᠠᠨ ᠪᠤᠶ︖ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠡᠷᠬᠢᠨ ᠨᠠᠩ ᠰᠠᠶᠢᠲᠤᠷ ᠬᠠᠩᠭᠠᠬᠤ ᠪᠤᠶ︖ᠰᠣᠶᠣᠯ ᠪᠠ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠬᠡᠷᠬᠢᠨ ᠪᠦᠷᠢᠨᠰᠢᠭᠦᠯᠬᠦ ᠪᠤᠢ︖ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠰᠦᠨ ᠶᠧ ᠯᠢ ᠶᠢ ᠰᠤᠷᠪᠤᠯᠵᠢᠯᠠᠪᠠ᠃      ᠰᠢᠨ᠎ᠡ ᠴᠠᠭ ᠦᠶ᠎ᠡ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠥᠭᠡᠷᠡᠴᠢᠯᠡᠯᠲᠡ ᠢᠯᠡᠳᠲᠡ ᠠᠮᠵᠢᠯᠲᠠ ᠣᠯᠪᠠ      ᠠᠰᠠᠭᠤᠯᠲᠠ᠄ ᠰᠢᠨ᠎ᠡ ᠴᠠᠭ ᠦᠶ᠎ᠡ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠥᠭᠡᠷᠡᠴᠢᠯᠡᠯᠲᠡ ᠶᠢᠨ ᠠᠮᠵᠢᠯᠲᠠ ᠪᠦᠲᠦᠮᠵᠢ ᠶᠢ ᠬᠡᠷᠬᠢᠨ ᠦᠵᠡᠬᠦ ᠪᠤᠶ︖      ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠰᠣᠶᠣᠯ ᠤᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠪᠦᠷᠢᠯᠳᠦᠭᠦᠨ ᠬᠡᠰᠡᠭ ᠪᠣᠯᠭᠠᠨ ᠤᠬᠠᠭᠠᠯᠠᠨ ᠲᠥᠯᠥᠪᠯᠡᠵᠦ ᠠᠬᠢᠭᠤᠯᠤᠨ᠂ ᠰᠣᠶᠣᠯ ᠪᠠ ᠵᠢᠭᠤᠯᠴᠢᠯᠠᠯ ᠤᠨ ᠠᠵᠢᠯ ᠢ ᠬᠥᠲᠥᠯᠥᠨ ᠳᠠᠭᠠᠭᠤᠯᠵᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠦᠷ᠎ᠡ ᠪᠦᠲᠦᠭᠡᠯ ᠣᠯᠵᠠᠢ᠃      ᠰᠣᠶᠣᠯ ᠪᠠ ᠵᠢᠭᠤᠯᠴᠢᠯᠠᠯ ᠤᠨ ᠶᠠᠮᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠢᠯᠡᠳᠲᠡ ᠠᠮᠵᠢᠯᠲᠠ ᠣᠯᠬᠤ ᠶᠢ ᠠᠬᠢᠭᠤᠯᠪᠠ᠃      ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠨᠡᠩ ᠪᠦᠷᠢᠨᠰᠢᠭᠦᠯᠪᠡ᠃ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠲᠣᠭᠤᠷᠢᠨ ᠳᠤ᠂ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠱᠠᠭᠠᠷᠳᠠᠯᠭ᠎ᠠ ᠶᠣᠰᠣᠭᠠᠷ᠂ ᠬᠤᠲᠠ ᠬᠥᠳᠡᠭᠡ ᠶᠢ ᠬᠠᠮᠤᠷᠤᠭᠰᠠᠨ ᠵᠢᠷᠭᠤᠭᠠᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠲᠦᠭᠡᠵᠦ᠂ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠢ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ  ᠠᠬᠢᠭᠤᠯᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠣᠷᠤᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ  ᠶᠢ ᠬᠥᠲᠥᠯᠥᠨ ᠵᠢᠯᠤᠭᠤᠳᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠠᠭᠤᠤ ᠶᠡᠭᠡ ᠠᠶᠠᠨ︾᠂ ︽ᠥᠨᠢᠳᠡ ᠪᠠᠯᠠᠷᠠᠰᠢ ᠦᠭᠡᠢ ᠴᠠᠭᠢᠯᠭᠠᠨ ᠳᠣᠯᠭᠢᠶᠠᠨ︾ ᠵᠡᠷᠭᠡ ᠰᠣᠳᠣᠨ ᠪᠦᠲᠦᠭᠡᠯ ᠦᠷᠭᠦᠯᠵᠢᠯᠡᠨ ᠴᠣᠯᠭᠤᠷᠠᠨ ᠭᠠᠷᠪᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠤᠨ ᠥᠪ ᠢ ᠨᠡᠩ ᠰᠠᠶᠢᠨ ᠬᠠᠮᠠᠭᠠᠯᠠᠪᠠ᠃      ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠥᠷᠨᠢᠩᠭᠦᠢ ᠬᠥᠭᠵᠢᠪᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠰᠣᠶᠣᠯ ᠤᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠰᠣᠶᠣᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠ ᠬᠡᠷᠡᠭᠯᠡᠭᠡᠨ ᠤ ᠵᠠᠭᠪᠤᠷ ᠢ ᠲᠦᠷᠭᠡᠯᠡᠨ ᠪᠣᠶᠢᠵᠢᠭᠤᠯᠵᠤ᠂ ᠮᠠᠨ ᠤ ᠤᠯᠤᠰ ᠤᠨ ᠰᠣᠶᠣᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠵᠡᠩᠨᠡᠯᠲᠡ ᠶᠢᠨ ᠭᠤᠣᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃ ᠤᠳᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠤ ᠦᠢᠯᠡᠳᠬᠦᠨ ᠤ ᠰᠢᠰᠲ᠋ᠧᠮ ᠢ ᠪᠠᠶᠢᠭᠤᠯᠵᠤ᠂ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠨᠡᠩ ᠪᠠᠶᠠᠯᠢᠭᠵᠢᠭᠤᠯᠵᠤ᠂ ᠥᠪᠡᠷᠮᠢᠴᠡ ᠣᠨᠴᠠᠯᠢᠭ ᠪᠦᠬᠦᠢ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠠᠮᠵᠢᠯᠲᠠ ᠲᠠᠢ ᠨᠡᠭᠡᠭᠡᠪᠡ᠃      ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠨᠠᠮ ᠪᠠ ᠲᠥᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠢ ᠨᠡᠶᠢᠳᠬᠡᠨ ᠪᠠᠶᠢᠭᠤᠯᠵᠤ᠂ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠪᠡ᠃ ᠰᠣᠶᠣᠯ ᠤᠨ ᠡᠨᠧᠷᠭᠢ ᠣᠯᠭᠤᠬᠤ᠂ ᠵᠢᠭᠤᠯᠴᠢᠯᠠᠯ ᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ︽ᠰᠣᠶᠣᠯ +︾ ︽ᠵᠢᠭᠤᠯᠴᠢᠯᠠᠯ +︾ ᠶᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠭᠡᠯᠪᠡᠷᠢ ᠪᠠᠶᠢᠳᠠᠯ ᠢ ᠠᠭᠤᠰᠤᠯᠴᠠᠭᠤᠯᠤᠨ ᠥᠷᠨᠢᠭᠦᠨ ᠬᠥᠭᠵᠢᠩᠭᠦᠢ ᠪᠣᠯᠭᠠᠪᠠ᠃      ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠥᠷᠭᠡᠳᠬᠡᠪᠡ᠃ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠰᠣᠶᠣᠯ ᠤᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ︽ᠲᠠ ᠰᠠᠶᠢᠨ ᠦᠦ︕ᠳᠤᠮᠳᠠᠳᠤ ᠤᠯᠤᠰ︾ ᠵᠡᠷᠭᠡ ᠠᠵᠢᠯᠯᠠᠭ᠎ᠠ ᠶᠢᠨ ᠨᠥᠯᠥᠭᠡ ᠡᠳᠦᠷ ᠢᠷᠡᠬᠦᠶ᠎ᠡ ᠥᠷᠭᠡᠵᠢᠪᠡ᠃ ︽ᠨᠢᠭᠡ ᠪᠦᠰᠡ ᠨᠢᠭᠡ ᠵᠠᠮ︾ ᠤᠨ ᠰᠣᠶᠣᠯ ᠤᠨ ᠰᠣᠯᠢᠯᠴᠠᠭᠠᠨ ᠤ ᠲᠣᠭᠲᠠᠴᠠ ᠨᠡᠩ ᠲᠡᠭᠦᠯᠳᠡᠷᠵᠢᠪᠡ᠃ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠰᠣᠶᠣᠯ ᠤᠨ ᠲᠥᠪ 49 ᠪᠣᠯᠵᠤ᠂ ᠭᠠᠳᠠᠭᠠᠳᠤ ᠶᠢᠨ ᠬᠥᠮᠥᠰ ᠤᠨ ᠬᠢᠯᠢ ᠳᠤ ᠣᠷᠣᠵᠤ ᠵᠢᠭᠤᠯᠴᠢᠯᠠᠬᠤ ᠶᠢ ᠳᠥᠭᠦᠮᠴᠢᠯᠡᠬᠦ ᠲᠦᠪᠰᠢᠨ ᠪᠦᠲᠦᠮᠵᠢᠲᠡᠢ ᠳᠡᠭᠡᠭᠰᠢᠯᠡᠵᠦ᠂ ᠤᠯᠠᠮ ᠠᠴᠠ ᠤᠯᠠᠨ ᠭᠠᠳᠠᠭᠠᠳᠤ ᠶᠢᠨ ᠤᠯᠠᠨ ᠲᠦᠮᠡᠨ ᠢᠲᠡᠭᠡᠭᠦᠰᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠢ ᠪᠡᠶᠡᠴᠢᠯᠡᠨ ᠣᠶᠢᠯᠠᠭᠠᠬᠤ ᠪᠣᠯᠪᠠ᠃ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ      ᠠᠰᠠᠭᠤᠯᠲᠠ᠄ ᠰᠣᠶᠣᠯ ᠪᠠ ᠵᠢᠭᠤᠯᠴᠢᠯᠠᠯ ᠤᠨ  ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢᠨ ᠲᠣᠭᠲᠠᠴᠠ ᠶᠢ ᠬᠡᠷᠬᠢᠨ ᠰᠢᠯᠢᠳᠡᠭᠵᠢᠭᠦᠯᠬᠦ ᠪᠤᠶ︖      ᠬᠠᠷᠢᠭᠤᠯᠲᠠ᠄ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠤᠨ ᠠᠭᠤᠯᠤᠭᠳᠠᠬᠤᠨ ᠨᠡᠩ ᠡᠯᠪᠡᠭ ᠪᠠᠶᠠᠯᠢᠭ᠂ ᠱᠠᠭᠠᠷᠳᠠᠯᠭ᠎ᠠ ᠨᠡᠩ ᠥᠨᠳᠥᠷ ᠪᠣᠯᠵᠠᠢ᠂ ᠡᠨᠡ ᠨᠢ ᠪᠢᠳᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠠ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠡᠩ ᠤᠯᠠᠨ ᠴᠢᠨᠠᠷ ᠰᠠᠶᠢᠲᠠᠢ ᠦᠢᠯᠡᠳᠬᠦᠨ ᠪᠣᠯᠣᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠶᠢ ᠱᠠᠭᠠᠷᠳᠠᠵᠤ ᠪᠠᠶᠢᠨ᠎ᠠ᠃      ᠨᠢᠭᠡ ᠳᠤ᠂ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠢᠷᠢᠰ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠥᠷᠭᠡᠨ ᠣᠯᠠᠨ ᠤᠷᠠᠯᠢᠭᠴᠢᠳ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠠᠰᠢᠭᠲᠠᠢ ᠰᠣᠶᠣᠯ ᠤᠨ ᠠᠮᠢ ᠠᠬᠤᠢ ᠶᠢ ᠪᠤᠶ ᠪᠣᠯᠭᠠᠨ᠎ᠠ᠃ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠠᠷᠠᠳ ᠲᠦᠮᠡᠨ ᠤ ᠳᠤᠮᠳᠠ ᠦᠨᠳᠦᠰᠦᠯᠡᠭᠦᠯᠵᠦ᠂ ᠣᠯᠠᠨ ᠲᠦᠮᠡᠨ ᠲᠠᠢ ᠣᠶᠢᠷᠠᠲᠤᠭᠰᠠᠨ᠂ ᠤᠯᠠᠮᠵᠢᠯᠠᠭᠳᠠᠨ ᠳᠡᠯᠭᠡᠷᠡᠵᠦ ᠳᠡᠶᠢᠯᠭᠦ ᠨᠠᠩ ᠣᠯᠠᠨ ᠰᠣᠳᠣᠨ ᠪᠦᠲᠦᠭᠡᠯ ᠢ ᠭᠠᠷᠭᠠᠨ᠎ᠠ᠃ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠪᠠᠶᠢᠭᠤᠯᠤᠯᠲᠠ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠭᠦᠳᠦᠨ ᠪᠦᠲᠦᠭᠡᠬᠦ ᠲᠣᠬᠯᠠᠯᠲᠠ ᠶᠢᠨ ᠶᠠᠰᠤ ᠴᠢᠨᠠᠷ᠂ ᠬᠠᠮᠢᠶᠠᠷᠤᠯᠲᠠ ᠶᠢᠨ ᠲᠦᠪᠰᠢᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠬᠤᠶᠠᠷ ᠲᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠲᠣᠭᠲᠠᠭᠠᠯ︾ ᠳᠤ ︽ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠴᠠᠢ᠃ ᠪᠢᠳᠡ ︽ᠴᠢᠨᠠᠷ ᠰᠠᠶᠢᠲᠠᠢ︾᠂ ︽ᠰᠢᠭᠤᠳ ᠬᠦᠷᠬᠦ︾ ᠭᠡᠬᠦ ᠬᠤᠶᠠᠷ ᠵᠠᠩᠭᠢᠯᠠᠭ᠎ᠠ ᠶᠢᠨ ᠦᠭᠡ ᠳᠤ ᠠᠩᠬᠠᠷᠤᠯ ᠢᠶᠠᠨ ᠲᠥᠪᠯᠡᠷᠡᠭᠦᠯᠦᠨ ᠳᠦᠷᠢᠮ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠡᠯ᠎ᠡ ᠲᠥᠷᠥᠯ ᠤᠨ ᠴᠢᠨᠠᠷ ᠰᠠᠶᠢᠲᠠᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠬᠤᠶᠠᠷ ᠲᠠᠯ᠎ᠠ  ᠪᠠᠷ ᠵᠠᠮᠨᠠᠨ᠎ᠠ᠄ ᠰᠦᠯᠵᠢᠶᠡᠨ ᠭᠠᠳᠠᠨ᠎ᠠ ᠴᠢᠨᠠᠷ ᠰᠠᠶᠢᠲᠠᠢ᠂ ᠨᠠᠷᠢᠯᠢᠭ ᠣᠨᠣᠴᠠᠲᠠᠢ ᠰᠣᠶᠣᠯ ᠤᠨ ᠦᠢᠯᠡᠴᠢᠯᠡᠭᠡ ᠬᠠᠩᠭᠠᠨ᠎ᠠ;ᠰᠦᠯᠵᠢᠶᠡᠨ ᠳᠡᠭᠡᠷ᠎ᠡ ᠲᠣᠭᠠᠴᠢᠯᠠᠭᠰᠠᠨ ᠣᠶᠤᠨᠴᠢᠯᠠᠭᠰᠠᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠤ ᠣᠷᠤᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨ᠎ᠡ ᠭᠡᠯᠪᠡᠷᠢ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠰᠢᠨ᠎ᠡ ᠪᠠᠷ ᠡᠭᠦᠳᠦᠨ ᠥᠷᠭᠡᠳᠬᠡᠨ᠎ᠡ᠃ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃       ᠭᠤᠷᠪᠠ ᠳᠤ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠰᠣᠶᠣᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠤᠳᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠬᠠᠩᠭᠠᠯᠭ᠎ᠠ ᠶᠢᠨ ᠲᠦᠪᠰᠢᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠢ ᠨᠡᠩ ᠰᠠᠶᠢᠨ ᠰᠠᠶᠢᠬᠠᠨ ᠠᠮᠢᠳᠤᠷᠠᠯ ᠳᠤ ᠦᠢᠯᠡᠴᠢᠯᠡᠭᠦᠯᠦᠨ᠎ᠡ᠃      ᠳᠥᠷᠪᠡ ᠳᠤ᠂ ᠰᠣᠶᠣᠯ᠂ ᠵᠢᠭᠤᠯᠴᠢᠯᠠᠯ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ᠎ᠡ᠃ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠨ ᠵᠣᠬᠢᠴᠠᠵᠤ᠂ ᠣᠶᠤᠨᠴᠢ ᠪᠠᠷ ᠰᠣᠯᠢᠯᠴᠠᠬᠤ᠂ ᠪᠡᠶᠡᠴᠢᠯᠡᠨ ᠣᠶᠢᠯᠠᠭᠠᠬᠤ ᠵᠡᠷᠭᠡ ᠪᠠᠷ ᠣᠨᠴᠠᠯᠢᠭ ᠪᠤᠯᠭᠠᠬᠰᠠᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠡᠯᠪᠡᠷᠢ ᠶᠢ ᠲᠦᠷᠭᠡᠨ ᠬᠥᠭᠵᠢᠭᠦᠯᠵᠦ᠂ ᠰᠣᠶᠣᠯ ᠤᠨ ᠦᠢᠯᠡᠳᠬᠦᠨ ᠤ ᠢᠯᠡᠷᠡᠭᠦᠯᠬᠦ ᠬᠦᠴᠦᠨ᠂ ᠳᠠᠮᠵᠢᠭᠤᠯᠬᠤ ᠬᠦᠴᠦᠨ ᠪᠣᠯᠣᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠵᠢᠭᠤᠯᠴᠢᠯᠠᠯ ᠤᠨ ᠦᠢᠯᠡᠳᠬᠦᠨ ᠤ ᠪᠡᠶᠡᠴᠢᠯᠡᠨ ᠣᠶᠢᠯᠠᠭᠠᠬᠤ ᠴᠢᠨᠠᠷ᠂ ᠲᠠᠭᠠᠯᠠᠮᠵᠢᠲᠠᠢ ᠴᠢᠨᠠᠷ ᠪᠣᠯᠣᠨ ᠳᠥᠭᠦᠮ ᠳᠥᠲᠡ ᠴᠢᠨᠠᠷ ᠢ ᠳᠡᠭᠡᠭᠰᠢᠯᠡᠭᠦᠯᠤᠨ᠎ᠠ᠃      ᠳᠤᠮᠳᠠᠳᠤ ᠶᠢᠨ ᠰᠣᠶᠣᠯ ᠤᠨ ᠥᠨᠢᠳᠡ ᠶᠢᠨ ᠷᠢᠳᠢ ᠰᠢᠳᠢ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠤᠯᠠᠮ ᠢᠯᠡᠭᠦᠦ ᠢᠯᠡᠷᠡᠭᠦᠯᠦᠨ᠎ᠡ      ᠠᠰᠠᠭᠤᠯᠲᠠ᠄ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠶᠢ ᠬᠡᠷᠬᠢᠨ ᠲᠡᠭᠦᠯᠳᠡᠷᠵᠢᠭᠦᠯᠬᠦ ᠪᠤᠶ︖      ᠬᠠᠷᠢᠭᠤᠯᠲᠠ᠄ ᠰᠣᠶᠣᠯ ᠤᠨ ᠥᠪ  ᠪᠣᠯ ᠳᠤᠮᠳᠠᠳᠤ ᠶᠢᠨ ᠦᠨᠳᠦᠰᠦᠲᠡᠨ ᠤ ᠤᠳᠤᠮᠯᠠᠯ ᠪᠠ ᠰᠤᠳᠠᠰᠤ ᠶᠢ ᠠᠴᠢᠶᠠᠯᠠᠵᠤ᠂ ᠳᠠᠭᠢᠨ ᠡᠭᠦᠰᠴᠦ ᠪᠣᠯᠣᠰᠢ ᠦᠭᠡᠢ᠂ ᠣᠷᠣᠯᠠᠭᠤᠯᠵᠤ ᠪᠣᠯᠣᠰᠢ ᠦᠭᠡᠢ ᠡᠷᠬᠢᠮ ᠨᠠᠨᠳᠢᠨ ᠡᠬᠢ ᠪᠠᠶᠠᠯᠢᠭ ᠮᠥᠨ᠃ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ ᠵᠠᠯᠭᠠᠮᠵᠢᠯᠠᠬᠤ ᠪᠣᠯ ᠮᠠᠨ ᠤ ᠲᠡᠦᠬᠡᠲᠦ ᠬᠠᠷᠢᠭᠤᠴᠠᠯᠭ᠎ᠠ ᠮᠥᠨ᠃ ᠪᠢᠳᠡ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠳᠦᠷᠢᠮ ᠤᠨ ᠪᠠᠶᠢᠭᠤᠯᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠰᠣᠶᠣᠯ ᠤᠨ ᠥᠪ ᠢ ᠬᠠᠮᠠᠭᠠᠯᠠᠵᠤ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠬᠤ ᠪᠠ ᠨᠢᠭᠡᠳᠦᠯᠲᠡᠢ ᠬᠢᠨᠠᠨ ᠬᠠᠮᠢᠶᠠᠷᠬᠤ ᠶᠢ ᠠᠬᠢᠭᠤᠯᠵᠤ᠂ ᠵᠠᠯᠭᠠᠮᠵᠢᠯᠠᠬᠤ ᠪᠠ ᠰᠢᠨ᠎ᠡ ᠶᠢ ᠡᠭᠦᠳᠬᠦ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠶᠢᠨ ᠰᠣᠶᠣᠯ ᠤᠨ ᠥᠨᠢᠳᠡ ᠶᠢᠨ ᠷᠢᠳᠢ ᠰᠢᠳᠢ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠤᠯᠠᠮ ᠢᠯᠡᠭᠦᠦ ᠢᠯᠡᠷᠡᠭᠦᠯᠦᠨ᠎ᠡ᠃      ᠨᠢᠭᠡ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠬᠠᠭᠤᠴᠢ ᠰᠤᠳᠤᠯᠤᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ᠂ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠵᠡᠷᠭᠡ ᠴᠢᠬᠤᠯᠠ ᠶᠡᠭᠡ ᠵᠦᠢᠯᠡᠰ ᠢ ᠰᠠᠶᠢᠲᠤᠷ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠮᠦᠽᠧᠢ᠂ ᠳᠤᠷᠠᠰᠬᠠᠯ ᠤᠨ ᠣᠷᠳᠣᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠮᠣ ᠪᠠᠭᠤᠷᠢ ᠶᠢ ᠬᠠᠮᠠᠭᠠᠯᠠᠵᠤ ᠠᠰᠢᠭᠯᠠᠬᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠦᠵᠡᠰᠭᠦᠯᠠᠩ ᠦᠵᠡᠭᠦᠯᠭᠡ ᠶᠢᠨ ᠭᠡᠯᠪᠡᠷᠢ ᠪᠠᠨ ᠰᠢᠨᠡᠴᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠠᠮᠢᠳᠤᠯᠢᠭ ᠰᠠᠶᠢᠬᠠᠨ ᠶᠠᠷᠢᠨ᠎ᠠ᠃      ᠬᠤᠶᠠᠷ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ᠂ ᠬᠠᠮᠠᠭᠠᠯᠠᠯᠲᠠ᠂ ᠤᠯᠠᠮᠵᠢᠯᠠᠯ᠂ ᠳᠠᠮᠵᠢᠭᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠬᠠᠤᠯᠢ ᠳᠦᠷᠢᠮ ᠤᠨ ᠰᠢᠰᠲ᠋ᠧᠮ᠂ ᠨᠡᠷᠡᠰ ᠤᠨ ᠲᠡᠮᠳᠡᠭᠯᠡᠯ ᠤᠨ ᠰᠢᠰᠲ᠋ᠧᠮ᠂ ᠴᠢᠳᠠᠪᠤᠷᠢᠲᠠᠨ ᠤ ᠰᠢᠰᠲ᠋ᠧᠮ ᠢ ᠪᠦᠷᠢᠨᠰᠢᠭᠦᠯᠵᠦ᠂ ᠬᠠᠮᠠᠭᠠᠯᠠᠬᠤ ᠠᠷᠭ᠎ᠠ ᠪᠠᠷᠢᠯ ᠢ ᠪᠠᠶᠠᠯᠢᠭᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠦᠷᠭᠦᠯᠵᠢᠯᠡᠨ ᠣᠷᠣᠰᠢᠬᠤ᠂ ᠤᠯᠠᠮᠵᠢᠯᠠᠨ ᠵᠠᠯᠭᠠᠮᠵᠢᠯᠠᠬᠤ ᠪᠣᠳᠠᠲᠠᠢ ᠶᠢ ᠦᠨᠳᠦᠰᠦᠯᠡᠨ ᠵᠦᠢ ᠵᠣᠬᠢᠰᠲᠠᠢ ᠬᠠᠮᠠᠭᠠᠯᠠᠬᠤ ᠠᠷᠭ᠎ᠠ ᠭᠡᠯᠪᠡᠷᠢ ᠶᠢ ᠰᠣᠩᠭᠤᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢ ᠬᠠᠮᠠᠭᠠᠯᠠᠬᠤ ᠨᠢᠭᠡᠴᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠨᠡᠶᠢᠭᠡᠮ ᠤᠨ ᠬᠦᠴᠦᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠳᠤ ᠣᠷᠤᠯᠴᠠᠬᠤ ᠶᠢ ᠬᠥᠲᠥᠯᠥᠨ ᠵᠢᠯᠣᠭᠤᠳᠤᠨ᠎ᠠ᠃ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠪᠣᠯᠣᠨ ᠣᠳᠣ ᠦᠶ᠎ᠡ ᠶᠢᠨ ᠠᠮᠢᠳᠤᠷᠠᠯ ᠤᠨ ᠠᠭᠤᠯᠵᠠᠷ ᠴᠡᠭ ᠢ ᠦᠷᠭᠦᠯᠵᠢᠯᠡᠨ ᠬᠠᠶᠢᠨ ᠰᠦᠪᠡᠭᠴᠢᠯᠡᠨ᠎ᠡ᠃      ᠭᠤᠷᠪᠠ ᠳᠤ᠂ ᠳᠤᠮᠳᠠᠳᠤ ᠶᠢᠨ ᠪᠣᠯᠪᠠᠰᠤᠨ ᠤ ᠢᠯᠡᠳᠬᠡᠮᠵᠢ ᠲᠡᠮᠳᠡᠭ ᠤᠨ ᠰᠢᠰᠲ᠋ᠧᠮ ᠢ ᠪᠠᠶᠢᠭᠤᠯᠤᠨ᠎ᠠ᠃ ᠮᠠᠨ ᠤ ᠤᠯᠤᠰ ᠤᠨ ᠡᠯᠪᠡᠭ ᠪᠠᠶᠠᠯᠢᠭ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠤᠮᠳᠠᠳᠤ ᠶᠢᠨ ᠪᠣᠯᠪᠠᠰᠤᠨ ᠤ ᠢᠯᠡᠳᠬᠡᠮᠵᠢ ᠲᠡᠮᠳᠡᠭ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠳᠡᠯᠡᠬᠡᠢ ᠶᠢᠨ ᠰᠣᠶᠣᠯ ᠤᠨ ᠥᠪ᠂ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠵᠡᠷᠭᠡ ᠳᠤ ᠲᠦᠰᠢᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢᠶᠠᠷ ᠠᠴᠢᠶᠠᠯᠠᠪᠤᠷᠢ ᠪᠤᠯᠭᠠᠬᠰᠠᠨ ᠤᠯᠤᠰ ᠤᠨ ᠰᠣᠶᠣᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠠᠨᠢᠯᠴᠠᠭᠤᠯᠤᠨ᠎ᠠ᠃ ᠴᠢᠬᠤᠯᠠ ᠪᠦᠬᠦᠢ ᠪᠣᠳᠠᠰ ᠤᠨ ᠪᠤᠰᠤ ᠰᠣᠶᠣᠯ ᠤᠨ ᠥᠪ ᠲᠤ ᠲᠦᠰᠢᠭᠯᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠯᠪᠠᠰᠤᠷᠠᠭᠤᠯᠤᠨ᠎ᠠ᠃ ᠣᠷᠳᠣ ᠴᠠᠭᠠᠨ ᠬᠡᠷᠡᠮ᠂ ᠶᠡᠭᠡ ᠲᠠᠲᠠᠮᠠᠯ ᠭᠤᠣᠯ᠂ ᠣᠷᠳᠣ ᠵᠠᠮ ᠤᠨ ᠠᠶᠠᠨ ᠲᠡᠶᠢᠨ᠂ ᠬᠠᠲᠤᠨ ᠭᠤᠣᠯ᠂ ᠬᠥᠬᠡᠮᠥ᠋ᠷᠡᠨ ᠤ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠤᠮᠳᠠᠳᠤ ᠶᠢᠨ ᠰᠣᠶᠣᠯ ᠤᠨ ᠴᠢᠬᠤᠯᠠ ᠪᠡᠯᠭᠡ ᠲᠡᠮᠳᠡᠭ ᠢ ᠲᠥᠪᠯᠡᠷᠡᠭᠦᠯᠦᠨ ᠴᠣᠭᠴᠠᠯᠠᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ