ᠰᠢ ᠶᠢᠨ ᠫᠢᠩ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/3
      9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

6386095360072518104375083.png

     

      9 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ

ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠥᠷᠥ ᠶᠢᠨ

ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ᠃ 

      ᠰᠢᠨᠬᠤᠸᠠ ᠬᠤᠷᠢᠶᠠᠨ ᠤ ᠰᠤᠷᠪᠤᠯᠵᠢᠯᠠᠬᠴᠢ  ᠯᠢ ᠰᠢᠤᠸᠠᠢ ᠷᠧᠨ ᠰᠡᠭᠦᠳᠡᠷᠯᠡᠪᠡ

      ᠰᠢ ᠶᠢᠨ ᠫᠢᠩ᠂ ᠳᠤᠮᠳᠠᠳᠤ ᠤᠯᠤᠰ ᠪᠣᠯᠣᠨ ᠡᠮᠦᠨᠡᠲᠦ ᠠᠹᠷᠢᠺᠠ ᠶᠢᠨ ᠨᠥᠬᠦᠷᠯᠡᠯ ᠪᠣᠯ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠠᠯ᠎ᠠ ᠪᠠᠷ ᠬᠢ

ᠦᠨᠡᠨ ᠰᠡᠳᠬᠢᠯ ᠤᠨ ᠨᠥᠬᠦᠷᠯᠡᠯ᠂ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠬᠠᠷᠢᠯᠴᠠᠨ ᠬᠠᠪᠰᠤᠷᠤᠯᠴᠠᠯ᠂ ᠳᠡᠯᠡᠬᠡᠢ ᠶᠢᠨ

ᠲᠥᠪ ᠭᠤᠣᠯᠴᠢ ᠰᠢᠳᠤᠷᠭᠤ ᠶᠣᠰᠣ ᠶᠢ ᠬᠥᠭᠡᠭᠡᠴᠡᠯᠳᠦᠬᠦ ᠲᠠᠯ᠎ᠠ ᠪᠠᠷ ᠬᠢ ᠪᠦᠯᠬᠦᠮᠳᠡᠯ ᠬᠠᠮᠵᠢᠯᠴᠠᠭ᠎ᠠ ᠠᠴᠠ ᠢᠷᠡᠯᠲᠡ ᠲᠠᠢ ᠶᠤᠮ᠃ ᠡᠨᠡ ᠵᠢᠯ ᠪᠣᠯ ᠪᠦᠭᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠤᠯᠬᠤ ᠪᠥᠭᠡᠳ ᠰᠢᠨ᠎ᠡ ᠡᠮᠦᠨᠡᠲᠦ ᠠᠹᠷᠢᠺᠠ ᠪᠠᠶᠢᠭᠤᠯᠤᠭᠳᠠᠭᠰᠠᠨ 30 ᠵᠢᠯ ᠤᠨ

ᠣᠶ ᠪᠣᠯᠣᠨ᠎ᠠ᠃ ᠬᠡᠳᠦᠶᠢᠪᠡᠷ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠪᠤᠯᠪᠠᠴᠤ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠣᠳᠣᠬᠢᠴᠢᠯᠠᠯᠲᠠ ᠶᠢ

ᠬᠥᠭᠡᠭᠡᠴᠡᠯᠳᠦᠬᠦ ᠡᠭᠦᠷᠭᠡ ᠬᠤᠪᠢᠷᠠᠭ᠎ᠠ ᠦᠭᠡᠢ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠬᠤ ᠵᠣᠷᠢᠯᠲᠠ ᠬᠤᠪᠢᠷᠠᠭ᠎ᠠ ᠦᠭᠡᠢ᠂ ᠪᠦᠭᠦ ᠪᠥᠮᠪᠥᠷᠴᠡᠭ ᠤᠨ

ᠵᠠᠰᠠᠯᠲᠠ ᠶᠢ ᠲᠡᠭᠦᠯᠳᠡᠷᠵᠢᠭᠦᠯᠬᠦ ᠬᠦᠰᠡᠯ ᠬᠤᠪᠢᠷᠠᠭ᠎ᠠ ᠦᠭᠡᠢ᠃ ᠳᠤᠮᠳᠠᠳᠤ ᠤᠯᠤᠰ ᠪᠠ ᠡᠮᠦᠨᠡᠲᠦ ᠠᠹᠷᠢᠺᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠨᠢ

ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠨ

ᠪᠤᠵᠠᠭᠠᠶᠢᠷᠠᠬᠤ ᠲᠡᠦᠬᠡᠨ ᠠᠬᠢᠴᠠ ᠳᠤ ᠨᠡᠶᠢᠴᠡᠵᠦ᠂ ᠴᠢᠬᠤᠯᠠ ᠴᠠᠭ ᠦᠶ᠎ᠡ ᠶᠢᠨ ᠠᠴᠢ ᠬᠤᠯᠪᠣᠭᠳᠠᠯ ᠪᠠ ᠳᠡᠯᠡᠬᠡᠢ ᠳ᠋ᠠᠬᠢᠨ ᠤ ᠨᠥᠯᠥᠭᠡ ᠲᠠᠢ ᠶᠤᠮ ᠭᠡᠵᠦ ᠵᠢᠭᠠᠵᠤ

ᠭᠠᠷᠭᠠᠪᠠ᠃

      ᠰᠢ ᠶᠢᠨ ᠫᠢᠩ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂

ᠬᠤᠶᠠᠷ ᠲᠠᠯ᠎ᠠ ᠪᠠᠷ ᠢᠶᠠᠨ ︽ᠭᠤᠷᠪᠠᠨ ᠴᠢᠭᠯᠡᠯ︾ ᠢ ᠰᠠᠶᠢᠲᠤᠷ ᠡᠵᠡᠮᠳᠡᠶ᠎ᠡ᠃ ᠨᠢᠭᠡ ᠳᠤ᠂ ᠬᠠᠮᠲᠤ ᠪᠠᠷ ᠳᠠᠪᠰᠢᠬᠤ ᠤᠯᠤᠰ ᠲᠦᠷᠦ ᠶᠢᠨ ᠴᠢᠭᠯᠡᠯ ᠪᠣᠯᠣᠨ᠎ᠠ᠂ ᠥᠨᠳᠥᠷ ᠬᠢᠷᠢ

ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠢᠳᠡᠷᠬᠡᠭ ᠠᠯᠬᠤᠭ᠎ᠠ ᠪᠠᠷ ᠤᠷᠤᠭᠰᠢᠯᠠᠬᠤ ᠶᠢ

ᠬᠥᠲᠥᠯᠥᠨ ᠳᠠᠭᠠᠭᠤᠯᠤᠶ᠎ᠠ᠃ ᠬᠤᠶᠠᠷ ᠲᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠴᠢᠭᠯᠡᠯ ᠪᠣᠯᠣᠨ᠎ᠠ᠂ ᠬᠤᠶᠠᠷ ᠤᠯᠤᠰ ᠤᠨ

ᠬᠠᠮᠲᠤᠷᠠᠯᠴᠠᠭᠠᠨ ᠤ ᠦᠵᠦ ᠲᠥᠯᠥᠪᠯᠡᠭᠡ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂

ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠤᠶ᠎ᠠ᠃ ᠭᠤᠷᠪᠠ ᠳᠤ᠂ ᠦᠶ᠎ᠡ ᠶᠢᠨ

ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠢᠷᠭᠡᠳ ᠤᠨ ᠰᠠᠨᠠᠭ᠎ᠠ ᠶᠢᠨ ᠴᠢᠭᠯᠡᠯ ᠪᠣᠯᠣᠨ᠎ᠠ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ

ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠭᠦ ᠰᠤᠷᠭᠠᠭᠤᠯᠢ᠂ ᠠᠵᠢᠯ ᠮᠡᠷᠭᠡᠵᠢᠯ ᠤᠨ

ᠪᠣᠯᠪᠠᠰᠤᠷᠠᠯ ᠤᠨ ᠲᠥᠪ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠮᠦᠨᠡᠲᠦ ᠠᠹᠷᠢᠺᠠ ᠶᠢᠨ ᠵᠠᠯᠠᠭᠤᠴᠤᠳ ᠲᠤ ᠨᠡᠩ ᠤᠯᠠᠨ ᠰᠤᠷᠤᠯᠭ᠎ᠠ ᠶᠢᠨ ᠱᠠᠩᠨᠠᠯ ᠤᠨ

ᠮᠥᠩᠭᠦ ᠪᠣᠯᠣᠨ ᠰᠤᠳᠤᠯᠤᠨ ᠰᠤᠷᠤᠯᠴᠠᠬᠤ ᠪᠣᠯᠪᠠᠰᠤᠷᠠᠯ ᠤᠨ ᠲᠣᠭᠢᠶᠠᠯ ᠬᠠᠩᠭᠠᠶ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ

ᠬᠡᠪ ᠳᠠᠭᠤᠷᠢᠶᠠᠯ ᠪᠠ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠨᠢᠭᠡᠨ ᠲᠤᠭ ᠮᠥᠨ᠃ ᠳᠤᠮᠳᠠᠳᠤ ᠠᠹᠷᠢᠺᠠ

ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ

ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠠᠷᠭ᠎ᠠ ᠵᠠᠮ ᠢ ᠬᠠᠮᠲᠤ ᠪᠠᠷ ᠵᠥᠪᠳᠡᠯᠴᠡᠬᠦ ᠪᠣᠯᠣᠨ᠎ᠠ᠃

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠥᠨᠳᠥᠷ ᠬᠢᠷᠢ

ᠬᠡᠮᠵᠢᠶ᠎ᠡ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠪᠠᠶᠢᠷᠢᠯᠠᠭᠤᠯᠤᠯᠲᠠ ᠬᠢᠵᠦ᠂ ᠳᠤᠮᠳᠠᠳᠤ ᠤᠯᠤᠰ ᠤᠨ ᠠᠹᠷᠢᠺᠠ

ᠲᠢᠪ ᠤᠨ ᠤᠯᠤᠰ ᠤᠳ ᠲᠤ ᠨᠡᠭᠡᠭᠡᠯᠲᠡ ᠬᠢᠬᠦ ᠡᠭᠦᠳᠡ ᠶᠠᠪᠤᠬᠤ ᠲᠤᠳᠤᠮ ᠶᠡᠭᠡ ᠪᠤᠯᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠵᠡᠷᠭᠡ

ᠠᠹᠷᠢᠺᠠ ᠲᠢᠪ ᠤᠨ ᠤᠯᠤᠰ ᠤᠳ ᠯᠤᠭ᠎ᠠ ᠬᠠᠮᠲᠤᠷᠠᠯᠴᠠᠭᠠᠨ ᠤ ᠰᠢᠨ᠎ᠡ ᠬᠥᠳᠡᠯᠭᠡᠬᠦ ᠴᠢᠳᠠᠪᠤᠷᠢ ᠶᠢ ᠲᠠᠰᠤᠷᠠᠯᠳᠠ ᠦᠭᠡᠢ ᠡᠭᠦᠳᠴᠦ᠂ ᠳᠤᠮᠳᠠᠳᠤ ᠠᠹᠷᠢᠺᠠ ᠶᠢᠨ

ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠬᠤᠷᠳᠤᠨ ᠲᠡᠷᠭᠡ ᠠᠶᠠᠯᠠᠬᠤ ᠲᠤᠳᠤᠮ

ᠲᠦᠷᠭᠡᠳᠴᠦ᠂ ᠶᠠᠪᠤᠬᠤ ᠲᠤᠳᠤᠮ ᠰᠠᠶᠢᠵᠢᠷᠠᠬᠤ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ᠂ ᠬᠥᠮᠥᠨ ᠲᠥᠷᠥᠯᠬᠢᠲᠡᠨ ᠤ

ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠬᠡᠳᠦᠢ ᠪᠤᠳᠤᠯᠢᠶᠠᠨᠲᠠᠢ ᠪᠤᠯᠬᠤ ᠲᠤᠳᠤᠮ᠂ ᠪᠦᠭᠦ

ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠦᠯᠬᠦᠮᠳᠡᠨ ᠬᠠᠮᠵᠢᠯᠴᠠᠬᠤ ᠶᠢ ᠤᠯᠠᠮ ᠪᠠᠷᠢᠮᠲᠠᠯᠠᠵᠤ᠂ ᠳᠡᠯᠡᠬᠡᠢ ᠶᠢᠨ

ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠤᠯᠠᠨ ᠤᠯᠤᠰ ᠤᠨ ᠤᠯᠠᠨ

ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠳᠠᠷᠠᠭ᠎ᠠ ᠵᠢᠯ ᠡᠮᠦᠨᠡᠲᠦ ᠠᠹᠷᠢᠺᠠ ᠬᠤᠷᠢᠨ ᠤᠯᠤᠰ ᠤᠨ ᠪᠦᠯᠦᠭᠯᠡᠯ ᠤᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠶᠢ

ᠪᠦᠭᠦ ᠬᠦᠴᠦᠨ ᠢᠶᠠᠷ ᠢᠶᠠᠨ ᠳᠡᠮᠵᠢᠨ᠎ᠠ ᠭᠡᠵᠦ ᠴᠢᠬᠤᠯᠠᠴᠢᠯᠠᠵᠠᠢ᠃

      ᠯᠠᠮᠠᠹᠦ᠋ᠰᠠ᠂ ᠨᠢᠳᠤᠨᠤᠨ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠳᠤ ᠳᠥᠷᠪᠡᠳᠡᠬᠢ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ

ᠠᠮᠵᠢᠯᠲᠠ ᠲᠠᠢ ᠬᠢᠵᠦ᠂ ᠪᠢᠳᠡ ᠡᠮᠦᠨᠡᠲᠦ ᠠᠹᠷᠢᠺᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 25 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠮᠦᠨᠡᠲᠦ

ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ︽ᠰᠢᠵᠢᠷ ᠠᠯᠳᠠᠨ ᠴᠠᠭ ᠦᠶ᠎ᠡ︾ ᠳᠤ ᠣᠷᠣᠬᠤ ᠶᠢ ᠠᠬᠢᠭᠤᠯᠪᠠ᠃ ᠡᠮᠦᠨᠡᠲᠦ ᠠᠹᠷᠢᠺᠠ ᠳᠤᠮᠳᠠᠳᠤ ᠤᠯᠤᠰ ᠳᠡᠭᠡᠳᠦ

ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠪᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ᠂ ᠮᠠᠰᠢ ᠤᠯᠠᠨ ᠠᠰᠠᠭᠤᠳᠠᠯ ᠳᠡᠭᠡᠷ᠎ᠡ ᠵᠣᠭᠰᠣᠯᠲᠠ

ᠠᠳᠠᠯᠢᠪᠲᠤᠷ᠂ ᠬᠠᠷᠠᠯᠲᠠ ᠨᠢᠭᠡᠳᠦᠯᠲᠡᠢ ᠶᠤᠮ᠃ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠡᠷᠬᠡ ᠲᠡᠭᠰᠢ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ

ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ᠂ ᠬᠠᠷᠢᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠠᠶᠢᠨ᠎ᠠ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ

ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ

ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠭᠰᠠᠨ ᠳᠤ

ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠯᠠᠮ ᠨᠢᠭᠡ ᠠᠯᠬᠤᠮ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠡᠮᠦᠨᠡᠲᠦ ᠠᠹᠷᠢᠺᠠ ᠪᠣᠯᠣᠨ ᠪᠦᠭᠦ ᠪᠥᠮᠪᠥᠷᠴᠡᠭ ᠤᠨ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠨᠡᠩ

ᠤᠯᠠᠨ ᠠᠵᠠ ᠲᠣᠭᠢᠶᠠᠯ ᠬᠠᠩᠭᠠᠬᠤ ᠪᠣᠯᠣᠨ᠎ᠠ ᠭᠡᠳᠡᠭ ᠢ ᠢᠲᠡᠭᠡᠵᠦ ᠪᠠᠶᠢᠨ᠎ᠠ᠃ ᠡᠮᠦᠨᠡᠲᠦ ᠠᠹᠷᠢᠺᠠ ᠦᠷᠭᠦᠯᠵᠢᠯᠡᠨ ᠳᠤᠷᠠᠲᠠᠶ᠎ᠠ ᠳᠤᠮᠳᠠᠳᠤ ᠤᠯᠤᠰ ᠤᠨ ᠢᠲᠡᠭᠡᠮᠵᠢᠲᠡᠢ

ᠪᠥᠭᠡᠳ ᠨᠠᠶᠢᠳᠠᠪᠤᠷᠢᠲᠠᠢ ᠨᠠᠶᠢᠵᠠ ᠪᠣᠯᠵᠤ᠂ ᠳᠤᠮᠳᠠᠳᠤ ᠤᠯᠤᠰ ᠯᠤᠭ᠎ᠠ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ

ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠠᠵᠠ ᠲᠣᠭᠢᠶᠠᠯ ᠪᠤᠯᠭᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠰᠢᠨ᠎ᠡ

ᠡᠨᠧᠷᠭᠢ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠨ

ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠶᠠᠪᠤᠯᠴᠠᠭ᠎ᠠ ᠪᠣᠯᠣᠨ ᠰᠤᠷᠭᠠᠨ ᠬᠥᠮᠦᠵᠢᠯ ᠰᠣᠶᠣᠯ ᠤᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠬᠤᠶᠠᠷ ᠤᠯᠤᠰ ᠤᠨ

ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠡᠮᠦᠨᠡᠲᠦ ᠠᠹᠷᠢᠺᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ

ᠭᠡᠵᠦ ᠢᠯᠡᠳᠬᠡᠪᠡ᠃ ᠡᠮᠦᠨᠡᠲᠦ ᠠᠹᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠤᠶᠢᠪᠢᠰᠢ ᠦᠭᠡᠢ

ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠳᠣᠣᠷᠠᠬᠢ ᠬᠠᠮᠲᠤᠷᠠᠯᠴᠠᠭ᠎ᠠ ᠨᠢ ᠡᠮᠦᠨᠡᠲᠦ ᠠᠹᠷᠢᠺᠠ ᠶᠢ

ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠲᠤ ᠮᠠᠰᠢ ᠤᠯᠠᠨ ᠠᠰᠢᠭ ᠬᠦᠷᠲᠡᠭᠡᠪᠡ᠃ ᠳᠤᠮᠳᠠᠳᠤ ᠤᠯᠤᠰ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ

ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠭᠦ ᠶᠢ ᠡᠮᠦᠨᠡᠲᠦ ᠠᠹᠷᠢᠺᠠ ᠶᠢᠨ ᠬᠢᠨ

ᠳᠡᠮᠵᠢᠵᠦ᠂ ᠠᠹᠷᠢᠺᠠ ᠳᠤᠮᠳᠠᠳᠤ ᠶᠢᠨ ᠪᠦᠯᠬᠦᠮᠳᠡᠯ ᠢ ᠴᠢᠩᠭᠠᠳᠬᠠᠵᠤ᠂ ᠬᠠᠷᠢᠯᠴᠠᠨ ᠡᠷᠡᠰ ᠳᠡᠮᠵᠢᠯᠴᠡᠵᠦ᠂ ᠠᠹᠷᠢᠺᠠ ᠲᠢᠪ ᠤᠨ ᠡᠬᠡ ᠬᠠᠭᠤᠷᠠᠢ ᠪᠣᠯᠣᠨ ᠪᠦᠭᠦ

ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠡᠮᠦᠨᠡᠲᠦ ᠠᠹᠷᠢᠺᠠ ᠶᠢᠨ ᠬᠢᠨ ᠳᠤᠮᠳᠠᠳᠤ ᠤᠯᠤᠰ ᠪᠣᠯᠣᠨ

ᠪᠷᠠᠽᠢᠯ ᠤᠨ ᠦᠺᠷᠠᠶᠢᠨ ᠤ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠲᠤᠬᠠᠢ ᠳᠤᠷᠠᠳᠤᠭᠰᠠᠨ ︽ᠵᠢᠷᠭᠤᠭᠠᠨ ᠬᠠᠮᠲᠤ ᠶᠢᠨ ᠲᠠᠨᠢᠯᠲᠠ︾ ᠶᠢ ᠲᠡᠮᠵᠢᠵᠤ᠂

ᠡᠮᠦᠨᠡᠲᠦ ᠠᠹᠷᠢᠺᠠ ᠶᠢᠨ ᠬᠢᠨ ᠨᠢᠳᠤᠨᠤᠨ ᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠶᠢ ᠭᠤᠣᠯᠯᠠᠨ ᠡᠷᠭᠢᠯᠡᠭᠦ ᠳᠤ

ᠳᠤᠮᠳᠠᠳᠤ ᠤᠯᠤᠰ ᠤᠨ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ᠂ ᠡᠮᠦᠨᠡᠲᠦ ᠠᠹᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠦᠷᠭᠦᠯᠵᠢᠯᠡᠨ ᠠᠯᠳᠠᠨ

ᠲᠣᠭᠤᠰᠭ᠋᠎ᠠ ᠤᠯᠤᠰ ᠤᠳ ᠪᠣᠯᠣᠨ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠣᠯᠣᠯᠴᠠᠨ ᠬᠠᠮᠵᠢᠯᠴᠠᠨ᠎ᠠ

ᠭᠡᠵᠦ ᠢᠯᠡᠳᠬᠡᠵᠡᠢ᠃

      ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠳᠣᠬᠢᠭᠤᠷ ᠲᠤᠯᠤᠭᠠᠨ ᠣᠲᠣ ᠳᠠᠭᠠᠭᠤᠯᠢ ᠤᠳᠤᠨ ᠤ ᠠᠶᠠᠯᠠᠯ ᠵᠠᠯᠠᠬᠤ ᠰᠢᠰᠲ᠋ᠧᠮ ᠤᠨ

ᠬᠡᠷᠡᠭᠯᠡᠭᠡᠨ᠂ ᠬᠥᠮᠥᠰ ᠤᠨ ᠣᠷᠣᠰᠢᠨ ᠰᠠᠭᠤᠷᠢᠰᠢᠬᠤ ᠪᠦᠲᠦᠭᠡᠨ ᠪᠠᠶᠢᠭᠤᠯᠤᠯᠲᠠ᠂ ᠬᠤᠶᠠᠷ ᠲᠠᠯ᠎ᠠ ᠶᠢᠨ ᠠᠷᠠᠯᠵᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ

ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠰᠣᠶᠣᠯ ᠤᠨ ᠥᠪ ᠵᠡᠷᠭᠡ ᠣᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ

ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠡᠮᠦᠨᠡᠲᠦ ᠠᠹᠷᠢᠺᠠ ᠤᠯᠤᠰ ᠤᠨ ᠰᠢᠨ᠎ᠡ

ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ

ᠢᠯᠡᠷᠬᠡᠶᠢᠯᠡᠯᠲᠡ︾ ᠶᠢ ᠨᠡᠶᠢᠲᠡᠯᠡᠪᠡ᠃

      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠮᠠᠹᠦ᠋ᠰᠠ ᠶᠢ ᠤᠭᠲᠤᠬᠤ

ᠶᠣᠰᠣᠯᠠᠯ ᠶᠠᠪᠤᠭᠤᠯᠪᠠ᠃

      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ