ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢᠨ ᠬᠡᠪᠯᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/9/3
      ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢᠨ ᠬᠡᠪᠯᠡᠯ ᠢ 1 ᠤ ᠡᠳᠦᠷ ᠵᠢᠩᠬᠢᠨᠢ ᠪᠠᠷ ᠨᠡᠶᠢᠲᠡᠯᠡᠪᠡ᠃ ᠰᠤᠷᠪᠤᠯᠵᠢᠯᠠᠬᠴᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠲᠤᠰ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠣᠰ ᠤᠳᠠᠭ᠎ᠠ ᠭᠤᠷᠪᠠᠨ ᠬᠡᠪᠯᠡᠯ ᠤᠨ ᠨᠣᠲ ᠪᠠ ᠳᠥᠷᠪᠡᠨ ᠬᠡᠪᠯᠡᠯ ᠤᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢ ᠨᠡᠶᠢᠲᠡᠯᠡᠵᠦ᠂ ᠤᠯᠤᠰ ᠤᠨ ᠰᠦᠯᠳᠡ ᠳᠠᠭᠤᠤ ᠶᠢ ᠬᠡᠷᠡᠭᠯᠡᠬᠦ ᠭᠤᠣᠯ ᠬᠥᠭᠵᠢᠮᠳᠡᠵᠦ ᠳᠠᠭᠤᠯᠠᠬᠤ ᠭᠡᠯᠪᠡᠷᠢ ᠪᠠ ᠬᠡᠷᠡᠭᠯᠡᠬᠦ ᠠᠬᠤᠢ ᠪᠠᠶᠢᠳᠠᠯ ᠢ ᠪᠠᠭᠲᠠᠭᠠᠵᠤ ᠴᠢᠳᠠᠭᠰᠠᠨ ᠨᠢ ᠤᠯᠤᠰ ᠤᠨ ᠰᠦᠯᠳᠡ ᠳᠠᠭᠤᠤ ᠶᠢᠨ ᠲᠥᠪ ᠴᠢᠩᠭ᠎ᠠ ᠴᠢᠨᠠᠷ ᠪᠠ ᠵᠢᠷᠤᠮᠵᠢᠯᠳᠤ ᠴᠢᠨᠠᠷ ᠲᠤ ᠨᠠᠩ ᠠᠰᠢᠭᠲᠠᠢ ᠪᠠᠶᠢᠵᠤ᠂ ᠨᠠᠮ ᠪᠠ ᠤᠯᠤᠰ ᠤᠨ ᠶᠣᠰᠣᠯᠠᠯ ᠤᠨ ᠳᠦᠷᠢᠮ᠂ ᠶᠣᠰᠣᠯᠠᠯ ᠬᠥᠭᠵᠢᠮ ᠤᠨ ᠳᠦᠷᠢᠮ ᠤᠨ ᠪᠠᠶᠢᠭᠤᠯᠤᠯᠲᠠ ᠳᠤ ᠠᠰᠢᠭᠲᠠᠢ ᠪᠠᠶᠢᠵᠤ᠂ ᠤᠯᠤᠰ ᠤᠨ ᠨᠡᠷ᠎ᠡ ᠬᠦᠨᠳᠦ ᠶᠢ ᠨᠠᠩ ᠰᠠᠶᠢᠲᠤᠷ ᠬᠠᠮᠠᠭᠠᠯᠠᠬᠤ ᠪᠣᠯᠣᠨ᠎ᠠ᠃      2017 ᠣᠨ ᠤ 9 ᠰᠠᠷ᠎ᠠ ᠶᠢᠨ 1 ᠤ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠬᠠᠤᠯᠢ︾ ᠶᠢ ᠪᠠᠲᠤᠯᠠᠪᠠ᠃ ᠤᠯᠤᠰ ᠤᠨ ᠰᠦᠯᠳᠡ ᠳᠠᠭᠤᠤ ᠶᠢᠨ ᠬᠠᠤᠯᠢ ᠳᠤ ᠤᠯᠤᠰ ᠤᠨ ᠰᠦᠯᠳᠡ ᠳᠠᠭᠤᠤ ᠶᠢᠨ ᠪᠠᠶᠢᠷᠢ ᠰᠠᠭᠤᠷᠢ ᠵᠢᠴᠢ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ ᠲᠠᠯᠠᠪᠤᠷ᠂ ᠭᠡᠯᠪᠡᠷᠢ᠂ ᠶᠣᠰᠣᠯᠠᠯ ᠵᠡᠷᠭᠡ ᠠᠭᠤᠯᠭ᠎ᠠ ᠶᠢ ᠪᠦᠭᠦ ᠲᠠᠯ᠎ᠠ ᠪᠠᠷ ᠲᠣᠭᠲᠠᠭᠠᠭᠰᠠᠨ ᠪᠥᠭᠡᠳ ᠤᠯᠤᠰ ᠤᠨ ᠰᠦᠯᠳᠡ ᠳᠠᠭᠤᠤ ᠶᠢᠨ ᠦᠭᠡ ᠨᠣᠲ ᠢ ᠳᠠᠭᠠᠯᠳᠤᠭᠤᠯᠪᠠ᠃      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠳᠡᠳ᠋ ᠡᠷᠭᠢᠯᠡᠭᠴᠢ ᠦ᠋ ᠽᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠭᠰᠠᠨ ᠢᠶᠠᠷ᠂ ᠤᠯᠤᠰ ᠤᠨ ᠰᠦᠯᠳᠡ ᠳᠠᠭᠤᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠤᠯᠤᠰ ᠤᠨ ᠰᠦᠯᠳᠡ ᠳᠠᠭᠤᠤ ᠶᠢᠨ ᠬᠥᠭᠵᠢᠮᠳᠡᠬᠦ᠂ ᠨᠡᠪᠲᠡᠷᠡᠭᠦᠯᠬᠦ ᠪᠠ ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠬᠥᠭᠵᠢᠮᠳᠡᠬᠦ  ᠨᠣᠲ ᠢ ᠬᠢᠨᠠᠨ ᠲᠣᠭᠲᠠᠭᠠᠬᠤ᠂ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢᠨ ᠬᠡᠪᠯᠡᠯ ᠢ ᠰᠢᠩᠭᠡᠬᠡᠨ ᠦᠢᠯᠡᠳᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠡᠴᠦᠰ ᠲᠡᠭᠡᠨ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠬᠥᠭᠵᠢᠮᠳᠡᠬᠦ ᠨᠣᠲ ᠢ ᠲᠣᠭᠲᠠᠭᠠᠵᠤ᠂ ᠡᠭᠦᠨ ᠳᠤ ᠦᠯᠢᠶᠡᠪᠦᠷᠢ ᠴᠢᠪᠬᠠᠳᠠᠰᠤᠨ ᠤ ᠬᠥᠭᠵᠢᠮ ᠤᠨ ᠶᠡᠷᠦᠩᠬᠡᠢ ᠨᠣᠲ᠂ ᠦᠯᠢᠶᠡᠪᠦᠷᠢ ᠶᠢᠨ ᠬᠥᠭᠵᠢᠮ ᠤᠨ ᠶᠡᠷᠦᠩᠬᠡᠢ ᠨᠣᠲ᠂ ᠲᠡᠭᠦᠯᠳᠡᠷ ᠬᠤᠭᠤᠷ ᠤᠨ ᠬᠠᠪᠰᠤᠷᠬᠤ ᠨᠣᠲ  ᠵᠢᠴᠢ ᠦᠯᠢᠶᠡᠪᠦᠷᠢ ᠴᠢᠪᠬᠠᠳᠠᠰᠤᠨ ᠤ ᠬᠥᠭᠵᠢᠮ ᠤᠨ ᠬᠡᠪᠯᠡᠯ᠂ ᠦᠯᠢᠶᠡᠪᠦᠷᠢ ᠴᠢᠪᠬᠠᠳᠠᠰᠤᠨ ᠤ ᠬᠥᠭᠵᠢᠮ ᠤᠨ ᠨᠠᠶᠢᠷᠠᠯ ᠳᠠᠭᠤᠤ ᠶᠢᠨ ᠬᠡᠪᠯᠡᠯ᠂ ᠦᠯᠢᠶᠡᠪᠦᠷᠢ ᠬᠥᠭᠵᠢᠮ  ᠤᠨ ᠬᠡᠪᠯᠡᠯ᠂ ᠦᠯᠢᠶᠡᠪᠦᠷᠢ ᠬᠥᠭᠵᠢᠮ ᠤᠨ ᠨᠠᠶᠢᠷᠠᠯ ᠳᠠᠭᠤᠤ ᠶᠢᠨ ᠬᠡᠪᠯᠡᠯ ᠢᠶᠠᠷ  ᠪᠦᠷᠢᠯᠳᠦᠭᠰᠡᠨ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠪᠠᠭᠲᠠᠨ᠎ᠠ ᠭᠡᠵᠡᠢ᠃      ︽ᠤᠯᠤᠰ ᠤᠨ ᠰᠦᠯᠳᠡ ᠳᠠᠭᠤᠤ ᠠᠷᠠᠳ ᠤᠯᠠᠨ ᠤ ᠨᠠᠮ ᠪᠠ ᠤᠯᠤᠰ ᠤᠨ ᠦᠨᠳᠦᠰᠦᠲᠡᠨ ᠳᠡᠭᠡᠨ ᠬᠠᠨᠳᠤᠭᠤᠯᠤᠭᠰᠠᠨ ᠡᠷᠬᠢᠮ ᠳᠡᠭᠡᠳᠦ ᠬᠦᠨᠳᠦᠳᠬᠡᠯ᠂ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠨᠤᠭᠤᠷᠠᠰᠢ ᠦᠭᠡᠢ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠠᠴᠢᠶᠠᠯᠠᠪᠠ᠃ ᠲᠣᠰ ᠤᠳᠠᠭᠠᠨ ᠤ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠬᠥᠭᠵᠢᠮᠳᠡᠬᠦ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢᠨ ᠬᠡᠪᠯᠡᠯ ᠢ ᠨᠡᠶᠢᠲᠡᠯᠡᠭᠰᠡᠨ ᠶᠠᠪᠤᠳᠠᠯ ᠪᠣᠯ ᠤᠯᠤᠰ ᠤᠨ ᠰᠦᠯᠳᠡ ᠳᠠᠭᠤᠤ ᠶᠢᠨ ᠬᠠᠤᠯᠢ ᠶᠢ ᠬᠡᠷᠡᠭᠵᠢᠭᠦᠯᠵᠦ᠂ ᠤᠯᠤᠰ ᠤᠨ ᠶᠣᠰᠣᠯᠠᠯ ᠤᠨ ᠳᠦᠷᠢᠮ ᠪᠠ ᠶᠣᠰᠣᠯᠠᠯ ᠤᠨ ᠬᠥᠭᠵᠢᠮ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠭᠰᠠᠨ ᠴᠢᠬᠤᠯᠠ ᠦᠷ᠎ᠡ ᠪᠦᠲᠦᠭᠡᠯ ᠪᠤᠯᠬᠤ ᠪᠥᠭᠡᠳ ᠪᠠᠰᠠ ᠴᠤ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠮᠠᠨ ᠤ ᠤᠯᠤᠰ ᠤᠨ ᠤᠯᠤᠰ ᠤᠨ ᠪᠡᠯᠭᠡ ᠲᠡᠮᠳᠡᠭ ᠤᠨ ᠳᠦᠷᠢᠮ ᠢ ᠲᠡᠭᠦᠯᠳᠡᠷᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ︾ ᠭᠡᠵᠦ ᠦ᠋ ᠽᠧᠩ ᠬᠡᠯᠡᠪᠡ᠃      ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ᠂ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠨᠣᠲ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠵᠥᠪᠯᠡᠯ ᠤᠨ ᠡᠷᠭᠢᠯᠡᠭᠴᠢ ᠢᠦᠢ ᠹᠧᠩ᠂ ᠲᠤᠰ ᠤᠳᠠᠭ᠎ᠠ ᠬᠢᠨᠠᠨ ᠲᠣᠭᠲᠠᠭᠠᠭᠰᠠᠨ ᠤ ᠳᠠᠷᠠᠭ᠎ᠠ ᠲᠣᠭᠲᠠᠭᠠᠭᠰᠠᠨ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠨᠣᠲ ᠨᠢ ᠤᠯᠤᠰ ᠤᠨ ᠰᠦᠯᠳᠡ ᠳᠠᠭᠤᠤ ᠶᠢᠨ ᠠᠶᠢᠵᠠᠮ ᠳᠤ ᠶᠠᠮᠠᠷ ᠴᠤ ᠬᠤᠪᠢᠷᠠᠯᠲᠠ ᠭᠠᠷᠭᠠᠭᠰᠠᠨ ᠦᠭᠡᠢ᠂ ᠭᠤᠣᠯᠳᠠᠭᠤ ᠬᠠᠪᠢᠰᠤ᠂ ᠳᠣᠲᠣᠷ᠎ᠠ ᠨᠢᠭᠤᠷ ᠪᠠ ᠬᠡᠪᠯᠡᠯ ᠤᠨ ᠲᠡᠮᠳᠡᠭᠯᠡᠬᠦ ᠨᠣᠲ᠂ ᠬᠤᠷᠳᠤᠴᠠ ᠶᠢᠨ ᠲᠡᠮᠳᠡᠭ᠂ ᠰᠡᠳᠬᠢᠯᠭᠡ ᠶᠢᠨ ᠢᠯᠡᠷᠡᠯ ᠤᠨ ᠨᠡᠷ᠎ᠡ ᠲᠣᠮᠢᠶ᠎ᠠ᠂  ᠨᠣᠲ ᠤᠨ ᠳᠣᠲᠣᠷᠠᠬᠢ ᠬᠦᠴᠦᠯᠡᠴᠡ ᠶᠢᠨ ᠲᠡᠮᠳᠡᠭ ᠵᠡᠷᠭᠡ ᠳᠦᠷᠪᠡᠨ ᠲᠠᠯ᠎ᠠ ᠪᠠᠷ ᠪᠦᠷᠢᠨᠰᠢᠭᠦᠯᠦᠨ ᠵᠢᠷᠤᠮᠵᠢᠭᠤᠯᠪᠠ᠃ ᠡᠭᠦᠨ ᠠᠴᠠ ᠡᠮᠦᠨᠡᠬᠢ ᠲᠡᠦᠬᠡᠨ ᠲᠠᠭᠤ ᠰᠢᠩᠭᠡᠭᠡᠯᠲᠡ ᠶᠢᠨ ᠬᠡᠪᠯᠡᠯ ᠲᠠᠢ ᠬᠠᠷᠢᠴᠠᠭᠤᠯᠪᠠᠯ᠂ ᠲᠣᠰ ᠤᠳᠠᠭ᠎ᠠ ᠶᠢᠨ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠲᠠᠭᠤ ᠰᠢᠩᠭᠡᠭᠡᠯᠲᠡ ᠶᠢᠨ ᠬᠡᠪᠯᠡᠯ ᠢ ᠰᠢᠩᠭᠡᠬᠡᠨ ᠦᠢᠯᠡᠳᠬᠦ ᠳᠤ ᠬᠢᠨᠠᠨ ᠲᠣᠭᠲᠠᠭᠠᠭᠰᠠᠨ ᠤ ᠳᠠᠷᠠᠭᠠᠬᠢ ᠤᠯᠤᠰ ᠤᠨ ᠰᠦᠯᠳᠡ ᠳᠠᠭᠤᠤ ᠶᠢᠨ ᠪᠠᠷᠢᠮᠵᠢᠶᠠᠲᠤ ᠬᠥᠭᠵᠢᠮᠳᠡᠬᠦ ᠨᠣᠲ ᠢ ᠦᠨᠳᠦᠰᠦᠯᠡᠵᠦ᠂ ᠮᠢᠨᠦ᠋ᠲ ᠪᠦᠷᠢ 96 ᠳᠠᠪᠲᠠᠯᠲᠠ ᠶᠢᠨ ᠰᠢᠩᠭᠡᠬᠡᠨ ᠦᠢᠯᠡᠳᠬᠦ ᠬᠤᠷᠳᠤᠴᠠ ᠯᠤᠭ᠎ᠠ ᠨᠢᠭᠡᠳᠦᠯᠲᠡᠢ ᠪᠣᠯᠭᠠᠵᠠᠢ ᠭᠡᠵᠦ ᠬᠡᠯᠡᠪᠡ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 1 ᠤ ᠴᠠᠭᠢᠯᠭᠠᠨ ᠮᠡᠳᠡᠭᠡ︶ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ