ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/9/3
      8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ 8 ᠰᠠᠷ᠎ᠠ ᠶᠢᠨ 23 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠥᠪ ᠣᠨᠣᠪᠴᠢᠲᠠᠶ ᠡᠵᠡᠮᠳᠡᠵᠦ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠥᠪ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠪᠣᠳᠣᠯᠭ᠎ᠠ ᠶᠢᠨ ᠠᠰᠢᠭ ᠢ ᠭᠦᠢᠴᠡᠳ ᠠᠭᠤᠳᠠᠯᠵᠤ᠂ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠬᠤ ᠮᠠᠨ ᠤ ᠣᠷᠣᠨ ᠤ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠤᠨ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠪᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠣᠨᠴᠠᠯᠢᠭᠲᠤ ᠠᠵᠤ ᠦᠢᠯᠡᠰ ᠤᠨ ᠬᠦᠴᠦᠷᠬᠡᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃  ᠨᠥᠭᠡᠴᠡ ᠡᠨᠧᠷᠭᠢ ᠶᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠨ ᠴᠢᠩᠭ᠎ᠠ ᠠᠳᠬᠤᠨ ᠱᠠᠯᠠᠪᠳᠠᠨ ᠬᠢᠵᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠰᠤᠳᠤᠯᠤᠨ ᠠᠬᠢᠭᠤᠯᠵᠤ᠂ ᠦᠢᠯᠡᠳᠪᠦᠷᠢᠯᠡᠬᠦ᠂ ᠨᠥᠭᠡᠴᠡᠯᠡᠬᠦ᠂ ᠲᠡᠭᠡᠭᠡᠪᠦᠷᠢᠯᠡᠬᠦ ᠵᠡᠷᠭᠡ ᠲᠠᠯ᠎ᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠪᠡᠭᠡᠵᠢᠩ ᠯᠦᠭᠡ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠶᠤᠨ ᠲᠠᠷᠢᠬᠢ ᠪᠠᠨ ᠰᠢᠪᠬᠠᠵᠤ ᠬᠤᠳᠠᠯᠳᠤᠭᠠᠨ ᠤ ᠠᠵᠠ ᠲᠣᠭᠢᠶᠠᠯ ᠪᠠ ᠬᠠᠮᠲᠤᠷᠠᠯᠴᠠᠭᠠᠨ ᠤ ᠨᠡᠶᠢᠴᠡᠬᠦ ᠴᠡᠭ ᠢ ᠭᠦᠨᠵᠡᠭᠡᠢ ᠠᠭᠤᠳᠠᠯᠵᠤ᠂ ᠬᠦᠴᠦᠨ ᠢ ᠨᠢ ᠠᠰᠢᠭᠯᠠᠨ ᠮᠠᠨ ᠤ ᠣᠷᠣᠨ ᠤ ᠨᠡᠭᠡᠭᠡᠯᠲᠡ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠡᠭᠡᠷ᠎ᠡ ᠱᠠᠲᠤᠨ ᠤ ᠬᠢᠨ ᠲᠠᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠮᠠᠨ ᠤ ᠣᠷᠣᠨ ᠳᠤ ᠨᠠᠶᠢᠳᠠᠪᠤᠷᠢᠵᠢᠭᠤᠯᠬᠤ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠬᠤ ᠬᠡᠷᠡᠭᠲᠡᠢ᠃ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢ ᠱᠠᠯᠠᠪᠳᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠭᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ︽ᠨᠢᠭᠡᠳᠦᠯᠲᠡᠢ ᠲᠥᠯᠥᠪᠯᠡᠬᠦ︾ ᠭᠡᠬᠦ ᠡᠨᠡ ᠬᠦ ᠴᠢᠬᠤᠯᠠ ᠠᠷᠭ᠎ᠠ ᠶᠢ ᠰᠠᠶᠢᠲᠤᠷ ᠬᠡᠷᠡᠭᠯᠡᠵᠦ᠂ ᠴᠢᠬᠤᠯᠠ ᠶᠡᠭᠡ ᠥᠭᠡᠷᠡᠴᠢᠯᠡᠯᠲᠡ ᠶᠢᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠡᠭᠦᠷᠭᠡ ᠶᠢ ᠲᠥᠪᠯᠡᠷᠡᠭᠦᠯᠬᠦ᠂ ᠬᠠᠷᠢᠭᠤᠴᠠᠯᠭ᠎ᠠ ᠶᠢ ᠬᠤᠯᠪᠣᠭᠳᠠᠭᠤᠯᠬᠤ᠂ ᠬᠠᠨᠳᠤᠰᠢ ᠶᠢ ᠨᠢᠭᠡᠳᠬᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠪᠣᠯᠣᠨ 2024 ᠣᠨ ᠤ ᠭᠤᠷᠪᠠᠳᠤᠭᠠᠷ ᠤᠯᠠᠷᠢᠯ ᠤᠨ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠱᠠᠭᠠᠷᠳᠠᠯᠭ᠎ᠠ ᠪᠠᠷ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠨᠢᠭᠡ ᠠᠴᠠ ᠨᠥᠭᠦᠭᠡ ᠶᠢ ᠵᠦᠢᠴᠢᠯᠡᠨ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠭᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠦᠨᠡᠨ ᠠᠴᠠ ᠵᠥᠪ ᠢ ᠡᠷᠢᠵᠦ᠂ ᠬᠡᠷᠡᠭᠵᠢᠭᠦᠯᠬᠦ ᠳᠤ ᠲᠥᠭᠦᠮ ᠪᠠᠶᠢᠯᠭᠠᠵᠤ᠂ ᠱᠠᠯᠠᠪᠳᠠᠨ ᠪᠠᠶᠢᠴᠠᠭᠠᠬᠤ ᠳᠤ ᠦᠷ᠎ᠡ ᠳ᠋ᠦᠩ ᠢ ᠢᠯᠡᠭᠦᠦ ᠦᠵᠡᠵᠦ᠂ ᠶᠠᠪᠤᠴᠠ ᠶᠢ ᠳᠤᠲᠠᠭᠤ ᠦᠵᠡᠵᠦ᠂ ᠦᠨᠳᠦᠰᠦᠨ ᠱᠠᠲᠤᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠭᠦᠢᠴᠡᠳ ᠣᠷᠣᠨ ᠵᠠᠢ ᠦᠯᠡᠳᠡᠭᠡᠵᠦ᠂ ᠦᠨᠳᠦᠰᠦᠨ ᠱᠠᠲᠤᠨ ᠤ ᠠᠵᠢᠯᠯᠠᠭᠴᠢᠳ ᠤᠨ ᠪᠡᠶᠡᠴᠢ ᠴᠢᠳᠠᠮᠠᠭᠠᠢ ᠴᠢᠨᠠᠷ ᠢ ᠨᠠᠩ ᠰᠠᠶᠢᠲᠤᠷ ᠳᠠᠶᠢᠴᠢᠯᠠᠬᠤ ᠬᠡᠷᠡᠭᠲᠡᠢ᠃ ᠦᠨᠳᠦᠰᠦᠨ ᠱᠠᠲᠤ ᠶᠢ ᠵᠢᠯᠣᠭᠤᠳᠤᠨ ᠣᠯᠠᠨ ᠲᠦᠮᠡᠨ ᠳᠤ ᠦᠢᠯᠡᠴᠢᠯᠡᠬᠦ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠱᠠᠭᠠᠷᠳᠠᠯᠭ᠎ᠠ ᠪᠠᠶᠢᠪᠠᠯ ᠵᠠᠪᠠᠯ ᠬᠠᠩᠭᠠᠵᠤ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ