ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠦ᠂ | ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠨᠦᠭᠦᠳ ᠲᠤ | ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠬᠦ ᠶᠢᠨ ᠬᠢᠷᠢ ᠲᠦᠪᠰᠢᠨ ᠥᠨᠳᠥᠷ ᠪᠤᠰᠤ᠂ ᠵᠢᠵᠢᠭ ᠪᠢᠴᠢᠯ | ᠠᠵᠤ ᠠᠬᠤᠶᠢᠯᠠᠯ ᠤᠳ ᠲᠠᠬᠢ ᠬᠠᠤᠯᠢ ᠴᠠᠭᠠᠵᠠ ᠶᠢᠨ ᠦᠢᠯᠡᠴᠢᠯᠡᠭᠡ ᠪᠦᠷᠢᠨ ᠲᠡᠭᠦᠯᠳᠡᠷ ᠪᠤᠰᠤ ᠪᠠᠶᠢᠭ᠎ᠠ ᠵᠡᠷᠭᠡ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ 10 ᠲᠦᠷᠦᠯ ᠤᠨ ᠲᠣᠪᠣᠶᠢᠮ᠎ᠠ ᠠᠰᠠᠭᠤᠳᠠᠯ ᠢ ᠬᠦᠴᠦᠲᠡᠢ ᠴᠡᠭᠴᠡᠯᠡᠨ ᠵᠠᠰᠠᠵᠤ ᠪᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ︽ᠣᠯᠠᠨ ᠬᠡᠮᠵᠢᠨ ᠵᠢᠷᠤᠭᠯᠠᠬᠤ ᠶᠢ ᠨᠢᠭᠡᠳᠬᠡᠬᠦ︾ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ 1338 ᠪᠦᠲᠦᠭᠡᠨ ᠪᠠᠶᠢᠭᠤᠯᠬᠤ ᠨᠢᠭᠡᠴᠢ ᠶᠢ ᠪᠦᠷᠢᠳᠬᠡᠨ | ᠳᠠᠩᠰᠠᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠰᠢᠰᠲ᠋ᠧᠮ ᠢᠶᠠᠷ ᠬᠡᠮᠵᠢᠨ ᠵᠢᠷᠤᠭᠯᠠᠭᠰᠠᠨ | ᠦᠷ᠎ᠡ ᠪᠦᠲᠦᠭᠡᠯ ᠤᠳ ᠤᠨ 6436 ᠬᠤᠪᠢ ᠳ᠋ᠠᠶᠢᠲ᠋ᠠ᠂ ᠥᠯᠥ ᠬᠥᠳᠡᠯᠬᠦ ᠬᠥᠷᠥᠩᠭᠡ ᠶᠢᠨ ᠰᠢᠰᠲ᠋ᠧᠮ ᠢᠶᠠᠷ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠳ ᠤᠨ | 2264 ᠬᠤᠪᠢ ᠳ᠋ᠠᠶᠢᠲ᠋ᠠ ᠶᠢ ᠬᠠᠮᠲᠤ ᠳᠤ ᠪᠠᠨ ᠬᠦᠷᠲᠡᠪᠡ︔ ᠬᠠᠤᠯᠢ ᠴᠠᠭᠠᠵᠠ ᠶᠢᠨ ᠲᠢᠩᠬᠢᠮ ︽ᠬᠠᠤᠯᠢ ᠪᠠᠷ ᠵᠠᠰᠠᠵᠤ ᠪᠠᠶᠢᠭ᠎ᠠ ᠡᠰᠡᠬᠦ ᠶᠢ ᠨᠢ ᠪᠠᠶᠢᠴᠠᠭᠠᠬᠤ︾ | ᠠᠵᠢᠯᠯᠠᠭᠠᠨ ᠢ 5900 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠠᠴᠠ ᠡᠵᠡᠩᠨᠡᠭᠰᠡᠨ 6700 ᠭᠠᠷᠤᠢ ᠠᠵᠤ ᠠᠬᠤᠶᠢᠯᠠᠯ ᠳᠤ ᠬᠠᠤᠯᠢᠴᠢᠳ | ᠬᠦᠷᠴᠦ ᠣᠴᠢᠪᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 15 ᠲᠤᠬᠠᠶᠢᠯᠠᠭᠰᠠᠨ ᠠᠵᠢᠯ ᠤᠨ ᠱᠤᠭᠤᠮ ᠪᠠ 66 ᠵᠦᠢᠯ ᠤᠨ | ᠰᠤᠭᠤᠴᠢᠵᠤ ᠰᠢᠯᠭᠠᠨ ᠪᠠᠶᠢᠴᠠᠭᠠᠬᠤ ᠵᠦᠢᠯᠡᠰ ᠢ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠵᠤ ᠰᠢᠯᠭᠠᠨ ᠪᠠᠶᠢᠴᠠᠭᠠᠬᠤ | ᠬᠡᠪᠴᠢᠶᠡᠨ ᠳᠤ ᠣᠷᠣᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ | ᠠᠯᠪᠠᠳᠠᠯᠭ᠎ᠠ ᠪᠠᠷ ᠭᠤᠶᠤᠴᠢᠯᠠᠭᠴᠢ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠵᠤ ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ | ᠦᠢᠯᠡᠴᠢᠯᠡᠭᠡᠨ ᠤ ᠵᠦᠢᠯᠡᠰ ᠢ ᠵᠣᠬᠢᠴᠠᠭᠤᠯᠤᠨ ᠡᠮᠬᠢᠯᠡᠵᠦ᠂ 13 ᠵᠦᠢᠯ ᠤᠨ ︽ᠨᠢᠭᠡ ᠠᠵᠢᠯ ᠶᠠᠪᠤᠳᠠᠯ︾ ᠢ ᠪᠦᠬᠦᠨ ᠢᠶᠠᠷ ᠨᠢ ᠰᠦᠯᠵᠢᠶᠡᠨ ᠳᠤ ᠭᠠᠷᠭᠠᠨ | ᠠᠵᠢᠯᠯᠠᠭᠤᠯᠬᠤ ᠶᠢ ᠠᠬᠢᠭᠤᠯᠪᠠ᠄ ᠠᠵᠤ ᠠᠬᠤᠶᠢᠯᠠᠯ ᠢ ᠳᠠᠩᠰᠠᠨ ᠠᠴᠠ ᠬᠠᠰᠤᠵᠤ ᠬᠦᠴᠦᠨ ᠦᠭᠡᠢ ᠪᠣᠯᠭᠠᠬᠤ᠂ ᠬᠡᠦᠬᠡᠳ ᠢᠶᠠᠨ ᠰᠤᠷᠭᠠᠭᠤᠯᠢ ᠳᠤ ᠣᠷᠣᠭᠤᠯᠬᠤ ᠵᠡᠷᠭᠡ | ᠠᠵᠢᠯ ᠶᠠᠪᠤᠳᠠᠯ ᠢ ᠨᠡᠶᠢᠲᠡ 314.01 ᠲᠦᠮᠡᠨ ᠬᠤᠪᠢ ︵ᠤᠳᠠᠭ᠎ᠠ︶ ᠭᠦᠢᠴᠡᠳᠬᠡᠵᠡᠢ︔ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠪᠥᠬᠦ | ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠬᠦ 4622 ᠵᠦᠢᠯ ᠳᠤ ᠨᠢᠭᠡᠳᠦᠯᠲᠡᠢ | ᠬᠡᠷᠡᠭᠵᠢᠭᠦᠯᠦᠨ ᠵᠢᠷᠤᠮᠵᠢᠭᠤᠯᠬᠤ ᠶᠢ ᠠᠬᠢᠭᠤᠯᠤᠭᠰᠠᠨ ᠪᠥᠭᠡᠳ ᠡᠯ᠎ᠡ ᠠᠶᠢᠮᠠᠭ ᠬᠤᠲᠠ ᠨᠡᠶᠢᠲᠡ 45743 ᠵᠦᠢᠯ ᠳᠤ ᠬᠡᠷᠡᠭᠵᠢᠭᠦᠯᠦᠨ ᠵᠢᠷᠤᠮᠯᠠᠭᠰᠠᠨ ᠢ ᠨᠢ | ᠨᠤᠲᠠᠯᠠᠵᠤ᠂ ᠨᠡᠶᠢᠲᠡ 37199 ᠵᠦᠢᠯ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ | ᠰᠢᠶᠠᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ 6.3 ᠲᠦᠮᠡ ᠰᠢᠬᠠᠮ ᠭᠠᠷᠴᠠᠭ ᠢ ᠨᠡᠶᠢᠲᠡᠯᠡᠵᠦ᠂ 26 ᠳ᠋ᠦᠩᠰᠢᠭᠤᠷ ᠭᠠᠷᠤᠢ ᠵᠤᠷᠪᠤᠰ | ᠳ᠋ᠠᠶᠢᠲ᠋ᠠ ᠶᠢ ᠡᠮᠬᠢᠯᠡᠨ ᠴᠤᠭᠯᠠᠭᠤᠯᠪᠠ᠃ ᠣᠲᠣ ᠪᠣᠯᠲᠠᠯ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ︾ ︵4.0 ᠲᠥᠰᠥᠯ︶ ᠶᠢᠨ 2024 ᠠᠴᠠ 2025 ᠣᠨ ᠳᠠᠬᠢ ᠨᠡᠶᠢᠲᠡ 160 ᠡᠭᠦᠷᠭᠡ ᠠᠴᠠ 53 ᠶᠢ | ᠨᠢ ᠥᠪᠡᠷ ᠢᠶᠠᠨ ᠦᠨᠡᠯᠡᠨ ᠵᠢᠱᠢᠬᠦ ᠶᠢ ᠦᠨᠳᠦᠰᠦᠨ ᠳᠤ ᠪᠠᠨ ᠪᠡᠶᠡᠯᠡᠭᠦᠯᠪᠡ︔ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠪᠠᠶᠢᠳᠠᠯ ᠢ ᠬᠥᠳᠡᠯᠦᠩᠭᠦᠢ ᠪᠠᠷ ᠥᠪᠡᠰᠦᠪᠡᠨ ᠪᠠᠶᠢᠴᠠᠭᠠᠬᠤ ᠭᠤᠣᠯᠳᠠᠯᠭ᠎ᠠ ᠪᠣᠯᠬᠤ 74 ᠤᠨ ᠠᠰᠠᠭᠤᠳᠠᠯ 58 ᠶᠢ ᠨᠢ ᠴᠡᠭᠴᠡᠯᠡᠨ | ᠰᠠᠶᠢᠵᠢᠷᠠᠭᠤᠯᠵᠤ ᠳᠠᠭᠤᠰᠬᠠᠪᠠ︔ 2023 ᠣᠨ ᠳᠤ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ | ᠵᠢᠱᠢᠯᠲᠡ ᠶᠢᠨ ᠬᠤᠪᠢᠶᠠᠷᠢ ᠭᠦᠢᠴᠡᠳᠬᠡᠯ ᠲᠣᠭᠠᠨ ᠤ ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ | 162 ᠵᠦᠢᠯ ᠤᠨ 107 ᠵᠦᠢᠯ ᠢ ᠨᠢ ᠴᠡᠭᠴᠡᠯᠡᠨ ᠰᠠᠶᠢᠵᠢᠷᠠᠭᠤᠯᠪᠠ︔ 2023 ᠣᠨ ᠳᠤ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠦᠨᠡᠯᠡᠨ ᠵᠢᠱᠢᠯᠲᠡ ᠶᠢᠨ ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ 1295 | ᠵᠦᠢᠯ ᠤᠨ 967 ᠵᠦᠢᠯ ᠢ ᠨᠢ ᠴᠡᠭᠴᠡᠯᠡᠨ ᠰᠠᠶᠢᠵᠢᠷᠠᠭᠤᠯᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | |