ᠣᠶᠢᠷ᠎ᠠ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ᠂ ᠰᠢᠨ᠎ᠡ ᠬᠤᠲᠠ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠴᠢᠩ ᠱᠦᠢ ᠾᠧ ᠰᠢᠶᠠᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ·ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪᠲᠦ 2024 ᠣᠨ ᠤ ᠪᠦᠭᠦ ᠣᠷᠣᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠨᠡᠭᠦᠳᠡᠯ ᠲᠡᠷᠭᠡ ᠶᠢᠨ ᠬᠠᠮᠲᠤᠷᠠᠭᠰᠠᠨ ᠠᠵᠢᠯᠯᠠᠭ᠎ᠠ ᠴᠢᠩ ᠱᠦᠢ ᠾᠧ ᠰᠢᠶᠠᠨ ᠤ ᠦᠭᠡᠷᠳᠤᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠤᠨ | ᠦᠵᠡᠮᠵᠢ ᠶᠢᠨ ᠣᠷᠣᠨ ᠳᠤ ᠶᠠᠪᠤᠭᠳᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠭᠦᠳᠡᠯ ᠲᠡᠷᠭᠡ ᠨᠢ ᠨᠡᠭᠦᠳᠡᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠳᠣᠨ ᠪᠣᠯᠵᠤ᠂ ᠣᠷᠴᠢᠯᠠᠩ ᠤᠨ ᠨᠢᠭᠤᠴᠠ ᠠᠴᠠ ᠳᠡᠯᠡᠬᠡᠢ ᠶᠢᠨ ᠪᠥᠮᠪᠥᠷᠴᠡᠭ ᠤᠨ ᠣᠷᠴᠢᠨ ᠲᠣᠭᠤᠷᠢᠨ᠂ ᠠᠮᠢᠳᠤᠷᠠᠯ ᠤᠨ ᠶᠡᠷᠦ ᠶᠢᠨ ᠮᠡᠳᠡᠯᠭᠡ ᠠᠴᠠ | ᠳᠡᠭᠡᠳᠦ ᠰᠢᠨ᠎ᠡ ᠮᠡᠷᠭᠡᠵᠢᠯ ᠭᠦᠷᠲᠡᠯ᠎ᠡ᠂ ᠲᠣᠰᠬᠤᠨ ᠤ ᠠᠷᠠᠳ ᠪᠠ ᠵᠢᠭᠤᠯᠴᠢᠯᠠᠬᠰᠠᠳ ᠲᠤ ᠡᠯᠪᠡᠭ ᠪᠠᠶᠠᠯᠢᠭ ᠰᠢᠨᠵᠢᠯᠡᠬᠦ ᠤᠬᠠᠭᠠᠨ ᠤ ᠮᠡᠳᠡᠯᠭᠡ ᠶᠢ ᠲᠠᠶᠢᠯᠪᠤᠷᠢᠯᠠᠵᠤ᠂ | ᠠᠬᠤᠢ ᠲᠠᠯᠠᠪᠠᠢ ᠶᠢᠨ 500 ᠭᠠᠷᠤᠢ ᠬᠥᠮᠥᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠪᠠᠰᠠ ︽ᠦᠶᠡᠷ ᠢ | ᠰᠡᠷᠭᠡᠶᠢᠯᠡᠬᠦ ᠮᠡᠳᠡᠯᠭᠡ︾ ᠶᠢᠨ ᠤᠬᠠᠭᠤᠯᠭ᠎ᠠ ᠶᠢᠨ ᠰᠠᠮᠪᠠᠷ᠎ᠠ ᠶᠢ ᠣᠨᠴᠠᠭᠠᠶᠢᠯᠠᠨ ᠲᠣᠬᠢᠷᠠᠭᠤᠯᠵᠤ᠂ ︽ᠦᠶᠡᠷ ᠪᠠᠭᠤᠬᠤ ᠦᠶ᠎ᠡ ᠳᠤ ᠬᠡᠷᠬᠢᠨ ᠥᠪᠡᠷ ᠢ ᠪᠠᠨ ᠠᠪᠤᠷᠠᠬᠤ ᠪᠤᠶ︖ | ︾᠂ ︽ᠦᠶᠡᠷ ᠤᠰᠤᠲᠤᠯ ᠤᠨ ᠪᠠᠴᠢᠮ ᠪᠠᠶᠢᠳᠠᠯ ᠢ ᠬᠡᠷᠬᠢᠨ ᠠᠷᠭᠠᠴᠠᠬᠤ ᠪᠤᠶ︖︾ ᠵᠡᠷᠭᠡ ᠠᠰᠠᠭᠤᠳᠠᠯ ᠤᠨ ᠲᠣᠭᠤᠷᠢᠨ ᠳᠤ ᠦᠶᠡᠷ ᠤᠰᠤᠳᠤᠯ ᠢ ᠰᠡᠷᠭᠡᠶᠢᠯᠡᠬᠦ | ᠮᠡᠷᠭᠡᠵᠢᠯ ᠢ ᠢᠯᠡ ᠲᠣᠳᠣ ᠪᠥᠭᠡᠳ ᠠᠮᠠᠷᠬᠠᠨ ᠣᠶᠢᠯᠠᠭᠠᠭᠳᠠᠬᠤ ᠠᠷᠭ᠎ᠠ ᠭᠡᠯᠪᠡᠷᠢ ᠪᠠᠷ ᠣᠯᠠᠨ ᠨᠡᠶᠢᠲᠡ ᠳᠤ ᠳᠠᠮᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠴᠢᠳᠠᠪᠤᠷᠢ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠬᠢᠨ ᠡᠯ᠎ᠡ ᠬᠤᠲᠠ᠂ ᠲᠣᠭᠤᠷᠢᠭ᠂ ᠰᠢᠶᠠᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠯᠤᠭ᠎ᠠ ᠶᠢᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃ | | |