ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠠᠹᠷᠢᠺᠠ ᠲᠢᠪ ᠤᠨ ᠬᠡᠰᠡᠭ ᠤᠯᠤᠰ ᠤᠨ ᠤᠳᠤᠷᠢᠳᠬᠤ ᠬᠥᠮᠥᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ ᠲᠤᠰ ᠲᠤᠰ ᠠᠭᠤᠯᠵᠠᠪᠠ
ᠨᠡᠶᠢᠲᠡᠯᠡᠭᠰᠡᠨ ᠴᠠᠭ᠄
2024/9/5
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ   ᠯᠢ ᠴᠦᠨ ᠢᠦᠢ︶ 9 ᠰᠠᠷ᠎ᠠ ᠶᠢᠨ 3  ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠠᠭᠤᠯᠵᠠᠪᠠ᠃      ᠰᠢ ᠶᠢᠨ ᠫᠢᠩ᠂ ᠳᠤᠮᠳᠠᠳᠤ ᠺᠧᠨᠢᠶᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠦᠨᠳᠦᠰᠦᠲᠡᠨ ᠤ ᠴᠢᠯᠦᠭᠡᠯᠡᠯᠲᠡ ᠪᠠᠨ ᠣᠯᠬᠤ ᠲᠡᠮᠡᠴᠡᠯ ᠳᠤᠮᠳᠠ ᠬᠥᠭᠵᠢᠵᠦ᠂ ᠤᠯᠤᠰ ᠤᠨ ᠬᠥᠭᠵᠢᠯ ᠮᠠᠨᠳᠤᠯ ᠢᠶᠠᠨ ᠡᠷᠢᠯᠬᠢᠯᠡᠬᠦ ᠠᠶᠠᠨ ᠳᠤ ᠭᠦᠨᠵᠡᠭᠡᠶᠢᠷᠡᠪᠡ᠃ ᠳᠤᠮᠳᠠᠳᠤ ᠺᠧᠨᠢᠶᠠ ᠢᠮᠠᠭᠲᠠ ᠭᠠᠷ ᠬᠤᠯᠪᠣᠯᠴᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠨᠢᠭᠡ ᠪᠦᠯᠦᠭ ᠬᠤᠯᠪᠣᠯᠳᠤᠨ ᠨᠡᠪᠲᠡᠷᠡᠯᠴᠡᠬᠦ ᠬᠤᠰᠢᠭᠤᠴᠢ ᠲᠦᠷᠦᠯ ᠵᠦᠢᠯ ᠢ ᠪᠠᠶᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ ᠭᠡᠵᠦ ᠵᠢᠭᠠᠵᠤ ᠭᠠᠷᠭᠠᠵᠠᠢ᠃      ᠰᠢ ᠶᠢᠨ ᠫᠢᠩ ᠬᠤᠶᠠᠷ ᠲᠠᠯ᠎ᠠ ᠪᠠᠷ ᠢᠶᠠᠨ ︽ᠭᠤᠷᠪᠠᠨ ᠬᠠᠨᠢᠲᠠᠨ︾ ᠤ ᠴᠢᠭᠯᠡᠯ ᠢᠶᠠᠷ ᠳᠤᠮᠳᠠᠳᠤ ᠺᠧᠨᠢᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢ ᠰᠠᠨᠠᠭᠤᠯᠪᠠ᠃ ᠨᠢᠭᠡ ᠳᠤ᠂ ᠨᠥᠬᠦᠷᠯᠡᠯ ᠢᠶᠠᠨ ᠤᠯᠠᠮᠵᠢᠯᠠᠵᠤ᠂ ᠬᠠᠷᠢᠯᠴᠠᠨ ᠢᠲᠡᠭᠡᠯᠴᠡᠬᠦ ᠦᠨᠡᠨᠴᠢ ᠬᠠᠨᠢᠲᠠᠨ ᠪᠣᠯᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ ᠢᠶᠠᠨ ᠬᠠᠮᠠᠭᠠᠯᠠᠬᠤ ᠪᠠ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠡᠷᠡᠰ ᠳᠡᠮᠵᠢᠯᠴᠡᠶ᠎ᠡ᠃ ᠬᠤᠶᠠᠷ ᠲᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠬᠠᠨᠢᠲᠠᠨ ᠪᠣᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠺᠧᠨᠢᠶᠠ ᠶᠢᠨ ︽2030 ᠣᠨ ᠤ ᠠᠯᠤᠰ ᠤᠨ ᠲᠥᠯᠦᠪᠵᠢᠭᠦᠯᠭᠡ︾ ᠲᠠᠢ ᠨᠢᠭᠲᠠ ᠵᠣᠯᠭᠠᠭᠤᠯᠵᠤ᠂ ᠵᠡᠭᠦᠨ ᠬᠡᠰᠡᠭ ᠤᠨ ᠠᠹᠷᠢᠺᠠ ᠲᠢᠪ ᠤᠨ ᠬᠤᠯᠪᠣᠯᠳᠤᠨ ᠨᠡᠪᠲᠡᠷᠡᠯᠴᠡᠬᠦ ᠬᠦᠢᠰᠦ ᠪᠠ ᠬᠥᠭᠵᠢᠯᠲᠡ ᠶᠢᠨ ᠠᠵᠤ ᠦᠢᠯᠡᠰ ᠤᠨ ᠪᠦᠰᠡ ᠶᠢ ᠴᠣᠭᠴᠠᠯᠠᠵᠤ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠢᠴᠢ ᠠᠵᠤ ᠠᠬᠤᠢ ᠠᠷᠠᠯᠵᠢᠶ᠎ᠠ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠨ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠶ᠎ᠠ᠃ ᠭᠤᠷᠪᠠ ᠳᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠵᠤ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠠᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠭᠠᠷ ᠬᠤᠯᠪᠣᠯᠴᠠᠨ ᠬᠠᠮᠠᠭᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠤᠶ᠎ᠠ᠃      ᠷᠦᠲ᠋ᠤ᠋᠂ ᠳᠤᠮᠳᠠᠳᠤ ᠤᠯᠤᠰ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠳᠤ ᠲᠠᠯᠠᠷᠬᠠᠵᠤ ᠪᠠᠶᠢᠨ᠎ᠠ᠂ ᠠᠹᠷᠢᠺᠠ ᠳᠤᠮᠳᠠᠳᠤ ᠬᠤᠶᠠᠷ ᠲᠠᠯ᠎ᠠ ᠶᠢᠨ ᠢᠷᠡᠭᠡᠳᠦᠢ ᠶᠢᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠳᠤ ᠴᠢᠬᠤᠯᠠ ᠲᠠᠪᠴᠠᠩ ᠪᠠ ᠠᠵᠠ ᠲᠣᠭᠢᠶᠠᠯ ᠬᠠᠩᠭᠠᠪᠠ᠃ ᠺᠧᠨᠢᠶᠠ ᠳᠤᠮᠳᠠᠳᠤ ᠶᠢᠨ ᠬᠠᠷᠢᠯᠴᠠᠭ᠎ᠠ ᠨᠢ ᠭᠦᠨ ᠵᠤᠵᠠᠭᠠᠨ ᠨᠥᠬᠦᠷᠯᠡᠯ᠂ ᠬᠠᠷᠢᠯᠴᠠᠨ ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ ᠮᠤᠮᠪᠠᠰᠠ ᠠᠴᠠ ᠨᠠᠶᠢᠷᠤᠪᠢ ᠬᠦᠷᠬᠦ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠠᠮᠵᠢᠯᠲᠠ ᠲᠠᠢ ᠬᠡᠷᠡᠭᠵᠢᠭᠦᠯᠵᠦ᠂ ᠺᠧᠨᠢᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠺᠧᠨᠢᠶᠠ ᠳᠤᠮᠳᠠᠳᠤ ᠶᠢᠨ ᠨᠥᠭᠦᠷᠰᠡᠭ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠰᠢᠨ᠎ᠡ ᠨᠡᠷ᠎ᠡ ᠦᠭᠡ ᠪᠣᠯᠵᠠᠢ᠃ ᠺᠧᠨᠢᠶᠠ ᠶᠢᠨ ᠬᠢᠨ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠺᠧᠨᠢᠶᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠶᠢ ᠬᠦᠰᠡᠵᠦ᠂ ᠳᠤᠮᠳᠠᠳᠤ ᠤᠯᠤᠰ ᠺᠧᠨᠢᠶᠠ ᠳᠠᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ ᠢᠯᠠᠩᠭᠤᠶ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠡᠨᠧᠷᠭᠢ᠂ ᠵᠠᠯᠠᠭᠤᠴᠤᠳ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠰᠢᠷᠢᠰ ᠴᠢᠬᠤᠯᠠ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠤ᠂ ᠬᠥᠭᠵᠢᠵᠦ ᠪᠠᠶᠢᠭ᠎ᠠ ᠤᠯᠤᠰ ᠤᠳ ᠪᠣᠯᠣᠨ ᠪᠦᠭᠦ ᠪᠥᠮᠪᠥᠷᠴᠡᠭ ᠤᠨ ᠡᠮᠦᠨᠡᠲᠦ ᠣᠷᠣᠨ ᠤ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠂ ᠺᠧᠨᠢᠶᠠ ᠶᠢᠨ ᠬᠢᠨ ᠳᠡᠭᠡᠳᠦ ᠬᠡᠮᠵᠢᠶ᠎ᠡ ᠪᠠᠷ ᠪᠢᠰᠢᠷᠡᠵᠦ᠂ ᠢᠳᠡᠪᠬᠢᠲᠡᠢ ᠲᠡᠮᠵᠢᠵᠥ ᠪᠠᠶᠢᠨ᠎ᠠ᠃ ᠺᠧᠨᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠳᠡᠮᠵᠢᠯᠴᠡᠨ᠎ᠡ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ ᠪᠡᠯᠡ ᠬᠤᠷᠠᠮᠳᠤᠭᠤᠯᠬᠤ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ  ᠵᠠᠩ ᠰᠢᠶᠣᠣ︶ 9 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠴᠠᠳ᠋ ᠤᠨ ᠶᠡᠷᠦᠩᠬᠡᠶᠢᠯᠡᠭᠴᠢ ᠮᠦᠬᠠᠨᠮᠦ᠋ᠳ᠋ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠴᠠᠳ᠋ ᠤᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠴᠠᠳ᠋ ᠬᠤᠶᠠᠷ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠪᠣᠷᠣ ᠲᠥᠯᠥᠪ ᠤᠨ ᠳᠣᠲᠣᠷ᠎ᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠳᠤᠮᠳᠠᠳᠤ ᠤᠯᠤᠰ ᠤᠯᠠᠨ ᠵᠢᠯ ᠳᠠᠷᠠᠭᠠᠯᠠᠨ ᠴᠠᠳ᠋ ᠤᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠪᠡᠯᠡ ᠣᠷᠣᠭᠤᠯᠤᠯᠲᠠ ᠶᠢᠨ ᠬᠠᠨᠢᠲᠠᠨ ᠤᠯᠤᠰ ᠪᠣᠯᠵᠤ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠪᠡ᠃ ᠳᠤᠮᠳᠠᠳᠤ ᠤᠯᠤᠰ ᠳᠤᠷᠠᠲᠠᠶ᠎ᠠ ᠴᠠᠳ᠋ ᠯᠤᠭ᠎ᠠ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠴᠠᠳ᠋ ᠤᠨ ᠬᠠᠷᠢᠯᠴᠠᠭ᠎ᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠴᠠᠳ᠋ ᠤᠨ ᠬᠢᠨ ᠤ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠳᠤᠮᠳᠠᠳᠤ ᠤᠯᠤᠰ ᠲᠤ ᠡᠷᠡᠰ ᠳᠡᠮᠵᠢᠯᠭᠡ ᠦᠵᠡᠭᠦᠯᠦᠭᠰᠡᠨ ᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠴᠠᠳ᠋ ᠤᠨ ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ  ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠠᠮᠵᠢᠨ᠎ᠠ᠃ ᠬᠤᠶᠠᠷ ᠲᠠᠯ᠎ᠠ ᠪᠠᠷ ᠢᠶᠠᠨ ᠶᠠᠪᠤᠯᠴᠠᠭ᠎ᠠ ᠪᠠᠨ ᠴᠢᠩᠭᠠᠳᠬᠠᠵᠤ᠂ ᠣᠶᠢᠯᠠᠭᠠᠭᠳᠠᠬᠤᠨ ᠤ ᠬᠠᠮᠲᠤ ᠶᠢᠨ ᠲᠠᠨᠢᠯᠲᠠ ᠪᠠᠨ ᠥᠷᠭᠡᠳᠬᠡᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠵᠤ᠂ ᠬᠠᠷᠢᠯᠴᠠᠨ ᠡᠷᠡᠰ ᠳᠡᠮᠵᠢᠶ᠎ᠠ᠃ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃ ᠴᠠᠳ᠋ ᠤᠨ ᠬᠢᠨ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠨᠡᠮᠡᠭᠳᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠴᠠᠳ᠋ ᠯᠤᠭ᠎ᠠ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠬᠠᠮᠲᠤ ᠪᠠᠷ ᠡᠩᠬᠡ ᠲᠠᠶᠢᠪᠤᠩ ᠢ ᠬᠠᠮᠠᠭᠠᠯᠠᠬᠤ ᠲᠣᠭᠲᠠᠭᠤᠨ ᠬᠦᠴᠦᠨ ᠪᠣᠯᠣᠶ᠎ᠠ ᠭᠡᠵᠦ ᠴᠢᠬᠤᠯᠠᠴᠢᠯᠠᠵᠠᠢ᠃      ᠮᠦᠬᠠᠨᠮᠦ᠋ᠳ᠋᠂ ᠳᠤᠮᠳᠠᠳᠤ ᠤᠯᠤᠰ ᠨᠠᠮᠠᠶᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠣᠯᠴᠠᠭᠤᠯᠬᠤ ᠪᠠᠷ ᠤᠷᠢᠭᠰᠠᠨ ᠪᠥᠭᠡᠳ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠂ ᠡᠨᠡ ᠨᠢ ᠴᠠᠳ᠋ ᠳᠤᠮᠳᠠᠳᠤ ᠬᠤᠶᠠᠷ ᠲᠠᠯ᠎ᠠ ᠶᠢᠨ ᠨᠥᠭᠦᠷᠰᠡᠭ ᠬᠠᠶᠢᠷ᠎ᠠ ᠰᠡᠳᠬᠢᠯᠭᠡ ᠶᠢ ᠭᠦᠢᠴᠡᠳ ᠬᠠᠷᠠᠭᠤᠯᠵᠤ ᠪᠠᠶᠢᠨ᠎ᠠ᠃ ᠴᠠᠳ᠋ ᠳᠤᠮᠳᠠᠳᠤ ᠶᠢᠨ ᠬᠠᠮᠲᠤᠷᠠᠯᠴᠠᠭ᠎ᠠ ᠨᠢ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠴᠠᠳ᠋ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠤᠮᠳᠠᠳᠤ ᠤᠯᠤᠰ ᠤᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠴᠠᠳ᠋ ᠤᠨ ᠬᠢᠨ ᠳᠤᠮᠳᠠᠳᠤ ᠤᠯᠤᠰ ᠯᠤᠭ᠎ᠠ ᠨᠥᠭᠦᠷᠰᠡᠭ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠡᠷᠡᠰ ᠴᠢᠷᠮᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠥᠭᠵᠢᠯᠲᠡ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠡᠳᠦᠷ ᠢᠷᠡᠬᠦᠶ᠎ᠡ ᠨᠡᠮᠡᠭᠳᠡᠪᠡ᠃ ᠴᠠᠳ᠋ ᠤᠨ ᠬᠢᠨ ᠳᠤᠮᠳᠠᠳᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠢᠰᠢᠷᠡᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠰᠢᠷᠢᠰ ᠴᠢᠬᠤᠯᠠ ᠶᠡᠭᠡ ᠣᠶᠢᠯᠠᠭᠠᠭᠳᠠᠬᠤᠨ ᠤ ᠰᠠᠨᠠᠭᠠᠴᠢᠯᠠᠭ᠎ᠠ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠣᠯᠵᠤ ᠬᠠᠷᠠᠬᠤ ᠳᠤᠷᠠᠲᠠᠢ᠂ ᠳᠤᠮᠳᠠᠳᠤ ᠤᠯᠤᠰ ᠤᠨ ᠦᠷᠭᠦᠯᠵᠢᠯᠡᠬᠦ ᠬᠥᠭᠵᠢᠯᠲᠡ ᠨᠢ ᠴᠠᠳ᠋᠂ ᠠᠹᠷᠢᠺᠠ ᠲᠢᠪ ᠴᠢᠨᠠᠭᠰᠢᠯᠠᠪᠠᠯ ᠳᠡᠯᠡᠬᠡᠢ ᠶᠢᠨ ᠬᠥᠭᠵᠢᠯᠲᠡ ᠳᠤ ᠨᠡᠩ ᠤᠯᠠᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ᠂ ᠡᠨᠡ ᠨᠢ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠳᠤ ᠲᠤᠶᠢᠯ ᠤᠨ ᠴᠢᠬᠤᠯᠠ ᠶᠤᠮ᠃ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠴᠠᠳ᠋ ᠤᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠡᠷᠡᠰ ᠪᠠᠷᠢᠮᠲᠠᠯᠠᠨ᠎ᠠ ᠭᠡᠵᠦ ᠢᠯᠡᠳᠬᠡᠵᠡᠢ᠃ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠴᠠᠳ᠋ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ᠂ ᠯᠣᠬᠠᠱᠧᠩ ᠪᠣᠯᠣᠨ ᠮᠠᠭᠠᠵᠢ ᠶᠢ ᠳᠤᠮᠳᠠᠳᠤ ᠤᠯᠤᠰ ᠲᠤ ᠣᠷᠣᠭᠤᠯᠬᠤ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ ᠯᠢᠦ ᠶᠠᠩ︶ 9 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠮᠠᠯᠠᠸᠢ ᠶᠢᠨ ᠶᠡᠷᠦᠩᠬᠡᠶᠢᠯᠡᠭᠴᠢ ᠴᠠᠺᠸᠧᠢᠷᠠ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠮᠠᠯᠠᠸᠢ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠮᠠᠯᠠᠸᠢ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠲᠣᠭᠲᠠᠭᠤᠨ ᠡᠷᠡᠭᠦᠯ ᠢᠶᠠᠷ ᠬᠥᠭᠵᠢᠵᠦ᠂ ᠤᠯᠤᠰ ᠲᠦᠷᠦ ᠶᠢᠨ ᠢᠲᠡᠭᠡᠯᠴᠡᠭᠡ ᠪᠠᠲᠤᠵᠢᠵᠤ᠂ ᠬᠠᠷᠢᠯᠴᠠᠨ ᠠᠰᠢᠭᠲᠠᠢ ᠪᠠᠶᠢᠬᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠪᠠ᠃ ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠳᠤᠮᠳᠠᠳᠤ ᠮᠠᠯᠠᠸᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠰᠢᠨ᠎ᠡ ᠭᠠᠷᠤᠭ᠎ᠠ ᠳᠡᠭᠡᠷ᠎ᠡ ᠨᠡᠩ ᠭᠦᠨᠵᠡᠭᠡᠢ ᠨᠡᠩ ᠪᠣᠳᠠᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠷᠭᠦᠯᠵᠢᠯᠡᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ᠰᠢ ᠶᠢᠨ ᠫᠢᠩ᠂ ᠳᠤᠮᠳᠠᠳᠤ ᠤᠯᠤᠰ ᠮᠠᠯᠠᠸᠢ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠲᠡᠮᠵᠢᠵᠥ᠂ ᠳᠤᠷᠠᠲᠠᠶ᠎ᠠ ᠮᠠᠯᠠᠸᠢ ᠶᠢᠨ ᠬᠢᠨ ᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠵᠠ ᠲᠣᠭᠢᠶᠠᠯ ᠢ ᠬᠤᠪᠢᠶᠠᠯᠴᠠᠵᠤ᠂ ᠮᠠᠯᠠᠸᠢ ᠶᠢᠨ ᠤᠯᠤᠰ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠮᠠᠯᠠᠸᠢ ᠶᠢᠨ ᠬᠢᠨ ᠲᠠᠢ ᠲᠠᠷᠢᠶᠠᠯᠠᠩ᠂ ᠴᠠᠭᠢᠯᠭᠠᠨ ᠬᠤᠯᠪᠤᠭ᠎ᠠ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠮᠠᠯᠠᠸᠢ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠮᠠᠯᠠᠸᠢ ᠶᠡᠭᠡ ᠰᠤᠷᠭᠠᠭᠤᠯᠢ ᠶᠢᠨ ᠺᠦᠩᠽᠢ ᠶᠢᠨ ᠳᠡᠭᠡᠳᠦ ᠰᠤᠷᠭᠠᠭᠤᠯᠢ ᠶᠢ ᠰᠠᠶᠢᠲᠤᠷ ᠠᠰᠢᠭᠯᠠᠵᠤ᠂ ᠰᠣᠶᠣᠯ ᠤᠨ ᠰᠣᠯᠢᠯᠴᠠᠭ᠎ᠠ ᠪᠣᠯᠣᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠤᠶ᠎ᠠ᠃ ᠳᠤᠮᠳᠠᠳᠤ ᠤᠯᠤᠰ ᠮᠠᠯᠠᠸᠢ ᠶᠢᠨ ᠴᠠᠩᠱᠠ ᠳᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠤᠨ ᠤᠷᠤᠭᠰᠢᠲᠠᠢ ᠠᠵᠢᠯᠯᠠᠬᠤ ᠶᠢ ᠳᠡᠮᠵᠢᠵᠦ᠂ ᠬᠤᠶᠠᠷ ᠲᠠᠯ᠎ᠠ ᠪᠠᠷ ᠢᠶᠠᠨ ᠨᠡᠩ ᠤᠯᠠᠨ ᠣᠷᠣᠨ ᠨᠤᠲᠤᠭ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ ᠪᠠᠰᠠ ᠳᠤᠷᠠᠲᠠᠶ᠎ᠠ ᠮᠠᠯᠠᠸᠢ ᠶᠢᠨ ᠬᠢᠨ ᠲᠠᠢ ᠳᠡᠯᠡᠬᠡᠢ ᠶᠢᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠴᠠᠺᠸᠧᠢᠷᠠ᠂ ᠳᠤᠮᠳᠠᠳᠤ ᠤᠯᠤᠰ ᠲᠤ ᠢᠷᠡᠬᠦ ᠪᠦᠷᠢ ᠴᠥᠮ ᠭᠡᠷ ᠲᠡᠭᠡᠨ ᠢᠷᠡᠭᠰᠡᠨ ᠮᠡᠲᠦ ᠲᠥᠷᠥᠭᠳᠡᠯ ᠲᠠᠢ ᠪᠠᠶᠢᠳᠠᠭ᠂ ᠳᠤᠮᠳᠠᠳᠤ ᠤᠯᠤᠰ ᠤᠨ ᠬᠠᠯᠠᠭᠤᠮᠰᠤᠭ ᠨᠥᠭᠦᠷᠰᠡᠭ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠮᠠᠯᠠᠸᠢ ᠳᠤᠮᠳᠠᠳᠤ ᠤᠯᠤᠰ ᠢ ᠬᠠᠮᠤᠭ ᠤᠨ ᠦᠨᠡᠨᠴᠢ ᠨᠠᠶᠢᠵᠠ ᠪᠠᠨ ᠪᠣᠯᠭᠠᠪᠠ᠃ ᠣᠶᠢᠷ᠎ᠠ ᠶᠢᠨ ᠵᠢᠯ ᠠᠴᠠ ᠪᠢ ᠵᠣᠯ ᠢᠶᠠᠷ ᠲᠡᠷᠢᠭᠦᠯᠡᠭᠴᠢ ᠰᠢ ᠶᠢᠨ ᠫᠢᠩ ᠲᠠᠢ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠢᠳᠡᠪᠬᠢᠲᠡᠢ ᠠᠬᠢᠴᠠ ᠲᠠᠢ ᠪᠤᠯᠬᠤ ᠶᠢ ᠬᠥᠲᠥᠯᠥᠨ ᠳᠠᠭᠠᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠬᠡᠳᠦᠨ ᠳ᠋ᠦᠩᠰᠢᠭᠤᠷ ᠳᠤᠮᠳᠠᠳᠤ ᠤᠯᠤᠰ ᠤᠨ ᠬᠥᠮᠥᠨ ᠢ ᠶᠠᠳᠠᠭᠤ ᠠᠴᠠ ᠠᠩᠭᠢᠵᠢᠷᠠᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠰᠠᠨᠠᠭᠠᠴᠢᠯᠠᠭ᠎ᠠ ᠨᠢ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ ᠬᠠᠩᠭᠠᠵᠠᠢ᠃ ᠮᠠᠯᠠᠸᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠳᠡᠮᠵᠢᠨ᠎ᠠ᠃ ᠮᠠᠯᠠᠸᠢ ᠶᠢᠨ ᠬᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠵᠦ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠠᠯᠠᠸᠢ ᠳᠤᠮᠳᠠᠳᠤ ᠶᠢᠨ ᠨᠥᠭᠦᠷᠰᠡᠭ ᠬᠠᠷᠢᠯᠴᠠᠨ ᠠᠰᠢᠭᠲᠠᠢ ᠪᠠᠶᠢᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠳᠤᠮᠳᠠᠳᠤ ᠮᠠᠯᠠᠸᠢ ᠬᠤᠶᠠᠷ ᠲᠠᠯ᠎ᠠ ᠪᠠᠷ ᠢᠶᠠᠨ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ᠂ ᠰᠣᠨᠢᠨ ᠮᠡᠳᠡᠭᠡᠨ ᠤ ᠵᠠᠭᠤᠴᠢᠯᠠᠭᠤᠷ᠂ ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠨ᠎ᠠ᠃      ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠮᠠ ᠵᠦᠸᠧ ᠶᠠᠨ ᠵᠢᠢ ᠨᠢᠩ︶ 9 ᠰᠠᠷ᠎ᠠ ᠶᠢᠨ 3 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠮᠠᠥ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃      ᠰᠢ ᠶᠢᠨ ᠫᠢᠩ᠂ ᠳᠤᠮᠳᠠᠳᠤ ᠮᠠᠦ᠋ᠷᠢᠲ᠋ᠠᠨᠢᠶ᠎ᠠ ᠬᠤᠶᠠᠷ ᠤᠯᠤᠰ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠶᠢᠨ ᠠᠬ᠎ᠠ ᠳᠡᠭᠦᠦ ᠮᠥᠨ᠃ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠤᠯᠤᠰ ᠲᠦᠷᠦ ᠶᠢᠨ ᠢᠲᠡᠭᠡᠯᠴᠡᠭᠡ ᠪᠠᠲᠤ ᠪᠠᠬᠢ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠳᠤᠮᠳᠠᠳᠤ ᠤᠯᠤᠰ ᠮᠠᠦ᠋ᠷᠢᠲ᠋ᠠᠨᠢᠶ᠎ᠠ ᠶᠢᠨ ᠬᠢᠨ ᠤ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠬᠢᠨ ᠲᠠᠢ ᠡᠷᠡᠰ ᠪᠠᠲᠤ ᠬᠠᠮᠲᠤ ᠵᠣᠭᠰᠣᠭᠰᠠᠨ ᠢ ᠮᠠᠭᠲᠠᠨ ᠰᠠᠶᠢᠰᠢᠶᠠᠵᠤ᠂ ᠮᠠᠦ᠋ᠷᠢᠲ᠋ᠠᠨᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠦᠷᠭᠦᠯᠵᠢᠯᠡᠨ ᠡᠷᠡᠰ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠠᠬᠢᠭᠤᠯᠵᠤ᠂ ᠵᠢᠭᠠᠰᠤᠨ ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠠᠦ᠋ᠷᠢᠲ᠋ᠠᠨᠢᠶ᠎ᠠ ᠶᠢ ᠲᠤᠰᠠᠯᠠᠬᠤ ᠲᠠᠷᠢᠶᠠᠯᠠᠩ᠂ ᠮᠠᠯ ᠠᠵᠤ ᠠᠬᠤᠢ ᠶᠢᠨ ᠮᠡᠷᠭᠡᠵᠢᠯ ᠤᠨ ᠵᠢᠱᠢᠶ᠎ᠡ ᠦᠵᠡᠭᠦᠯᠭᠦ ᠲᠥᠪ ᠤᠨ ᠦᠢᠯᠡᠳᠦᠯ ᠢ ᠪᠠᠳᠠᠷᠠᠭᠤᠯᠵᠤ᠂ ᠮᠦᠭᠦ ᠲᠠᠷᠢᠬᠤ ᠮᠡᠷᠭᠡᠵᠢᠯ ᠤᠨ ᠬᠠᠮᠲᠤᠷᠠᠯᠴᠠᠭ᠎ᠠ ᠶᠢ ᠲᠦᠷᠭᠡᠳᠬᠡᠵᠦ᠂ ᠳᠤᠮᠳᠠᠳᠤ ᠮᠠᠦ᠋ᠷᠢᠲ᠋ᠠᠨᠢᠶ᠎ᠠ ᠶᠢᠨ ᠬᠠᠷᠢᠯᠴᠠᠭ᠎ᠠ ᠶᠢ ᠤᠯᠤᠰ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢᠨ ᠬᠡᠪ ᠳᠠᠭᠤᠷᠢᠶᠠᠯ ᠪᠣᠯᠭᠠᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ ᠵᠢᠶᠠᠽᠸᠠᠨᠢ ᠶᠢᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠪᠡᠯᠡᠳᠬᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠳᠤᠷᠠᠲᠠᠶ᠎ᠠ ᠮᠠᠦ᠋ᠷᠢᠲ᠋ᠠᠨᠢᠶ᠎ᠠ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠤ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠦᠭᠡ ᠬᠡᠯᠡᠬᠦ ᠡᠷᠬᠡ ᠪᠠ ᠲᠥᠯᠥᠭᠡᠯᠡᠬᠦ ᠴᠢᠨᠠᠷ ᠢ ᠳᠡᠭᠡᠭᠰᠢᠯᠡᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃      ᠵᠢᠶᠠᠽᠸᠠᠨᠢ᠂ ᠮᠠᠥ᠋ᠷᠢᠲ᠋ᠠᠨᠢᠶ᠎ᠠ ᠳᠤᠮᠳᠠᠳᠤ ᠶᠢᠨ ᠨᠥᠬᠦᠷᠯᠡᠯ ᠪᠠᠲᠤ ᠪᠠᠬᠢ ᠪᠠᠶᠢᠵᠤ᠂ ᠮᠠᠥ᠋ᠷᠢᠲ᠋ᠠᠨᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠳᠠᠭᠠᠨ ᠮᠠᠰᠢ ᠣᠮᠣᠭᠰᠢᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠢ ᠪᠠᠭᠲᠠᠭᠠᠭᠰᠠᠨ ᠮᠠᠦ᠋ᠷᠢᠲ᠋ᠠᠨᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠤᠮᠳᠠᠳᠤ ᠤᠯᠤᠰ ᠤᠨ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠮᠠᠥ᠋ᠷᠢᠲ᠋ᠠᠨᠢᠶ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠥᠷᠢᠴᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠦᠭᠦᠨ ᠢ ᠡᠷᠡᠰ ᠡᠰᠡᠷᠭᠦᠴᠡᠨ᠎ᠡ᠃ ᠣᠳᠣᠬᠠᠨ ᠳᠤ ᠳᠡᠯᠡᠬᠡᠢ ᠶᠢᠷᠲᠢᠨᠴᠦ ᠮᠠᠰᠢ ᠤᠯᠠᠨ ᠠᠶᠤᠯ ᠲᠦᠭᠰᠢᠭᠦᠷᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯ ᠮᠠᠥ᠋ᠷᠢᠲ᠋ᠠᠨᠢᠶ᠎ᠠ ᠵᠡᠷᠭᠡ ᠤᠯᠤᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠣᠨ᠎ᠠ᠃ ᠫᠠᠯᠧᠰᠲ᠋ᠠᠶᠢᠨ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠮᠠᠦ᠋ᠷᠢᠲ᠋ᠠᠨᠢᠶ᠎ᠠ ᠪᠣᠯᠣᠨ ᠳᠤᠮᠳᠠᠳᠤ ᠤᠯᠤᠰ ᠤᠨ ᠵᠣᠭᠰᠣᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ᠃ ᠬᠤᠶᠠᠷ ᠲᠠᠯ᠎ᠠ ᠪᠠᠷ ᠢᠶᠠᠨ ᠴᠥᠮ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠦᠨᠳᠦᠳᠬᠡᠬᠦ ᠶᠢ ᠤᠷᠢᠶᠠᠯᠠᠵᠤ᠂ ᠴᠥᠮ ᠬᠦᠴᠦᠷᠬᠡᠭᠯᠡᠯ ᠤᠨ ᠬᠡᠲᠦᠷᠡᠮᠡᠬᠡᠢ ᠦᠵᠡᠯ ᠢ ᠡᠰᠡᠷᠭᠦᠴᠡᠪᠡ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠡᠯ᠎ᠡ ᠤᠯᠤᠰ ᠤᠨ ᠬᠠᠮᠲᠤ ᠶᠢᠨ ᠠᠮᠤᠷ ᠲᠦᠪᠰᠢᠨ ᠪᠣᠯᠣᠨ ᠬᠥᠭᠵᠢᠯᠲᠡ ᠶᠢ ᠪᠡᠶᠡᠯᠡᠭᠦᠯᠬᠦ ᠳᠤ ᠲᠥᠰᠥᠯ ᠬᠠᠩᠭᠠᠵᠠᠢ᠂ ᠮᠠᠥ᠋ᠷᠢᠲ᠋ᠠᠨᠢᠶ᠎ᠠ ᠶᠢᠨ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠢᠳᠡᠪᠬᠢᠲᠡᠢ ᠳᠡᠮᠵᠢᠵᠦ᠂ ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠪᠣᠯᠣᠨ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ᠸᠠᠩ ᠢ ᠠᠭᠤᠯᠵᠠᠯᠲᠠ ᠳᠤ ᠣᠷᠣᠯᠴᠠᠵᠠᠢ᠃      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠸᠧᠨ ᠰᠢᠨ  ᠵᠢᠢ ᠨᠢᠩ︶ 9 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠲᠠᠢ ᠠᠭᠤᠯᠵᠠᠪᠠ᠃      ᠰᠢ ᠶᠢᠨ ᠫᠢᠩ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠪᠣᠯ ᠠᠹᠷᠢᠺᠠ ᠲᠢᠪ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠲᠤᠭ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠬᠦ ᠴᠢᠬᠤᠯᠠ ᠲᠠᠪᠴᠠᠩ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠢᠭᠲᠠ ᠵᠣᠬᠢᠴᠠᠯᠳᠤᠨ ᠬᠠᠮᠵᠢᠯᠴᠠᠪᠠ᠃ ᠳᠤᠮᠳᠠᠳᠤ ᠤᠯᠤᠰ ᠠᠴᠠ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢ ᠲᠤᠰᠠᠯᠠᠬᠤ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠠᠹᠷᠢᠺᠠ ᠲᠢᠪ ᠤᠨ ᠡᠷᠡᠭᠦᠯ ᠬᠠᠮᠠᠭᠠᠯᠠᠯ ᠤᠨ ᠦᠢᠯᠡᠰ ᠪᠣᠯᠣᠨ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠤᠨ ᠲᠥᠯᠥᠭᠡ ᠬᠤᠪᠢ ᠨᠡᠮᠡᠷᠢ ᠦᠵᠡᠭᠦᠯᠦᠭᠰᠡᠨ ᠢ ᠪᠢ ᠪᠠᠶᠠᠷᠲᠠᠢ ᠣᠯᠵᠤ ᠬᠠᠷᠠᠯ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠤ ᠳᠤᠮᠳᠠᠳᠤ ᠠᠹᠷᠢᠺᠠ ᠶᠢᠨ ᠨᠥᠬᠦᠷᠯᠡᠯ ᠤᠨ ᠦᠢᠯᠡᠰ ᠲᠤ ᠨᠡᠩ ᠶᠡᠭᠡ ᠦᠢᠯᠡᠳᠦᠯ ᠦᠵᠡᠭᠦᠯᠭᠦ ᠶᠢ ᠲᠡᠮᠵᠢᠵᠥ᠂ ᠳᠤᠷᠠᠲᠠᠶ᠎ᠠ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠰᠴᠦ᠂ ᠳᠤᠮᠳᠠᠳᠤ ᠤᠯᠤᠰ ᠪᠣᠯᠣᠨ ᠠᠹᠷᠢᠺᠠ ᠲᠢᠪ ᠢ ᠪᠠᠭᠲᠠᠭᠠᠭᠰᠠᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠦᠷ ᠬᠦᠴᠦᠨ ᠶᠡᠭᠡ ᠪᠠᠷ ᠪᠤᠵᠠᠭᠠᠶᠢᠷᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠪᠡ᠃ ᠠᠹᠷᠢᠺᠠ ᠲᠢᠪ ᠪᠣᠯ ᠳᠡᠯᠡᠬᠡᠢ ᠶᠢᠨ ᠴᠢᠬᠤᠯᠠ ᠨᠢᠭᠡ ᠲᠤᠶᠢᠯ ᠪᠣᠯᠣᠨ᠎ᠠ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠬᠤᠯᠠ ᠡᠩ ᠲᠡᠷᠢᠭᠦᠨ ᠳᠤ ᠪᠣᠳᠣᠯᠬᠢᠯᠠᠬᠤ ᠴᠢᠭᠯᠡᠯ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠤᠯᠤᠰ ᠲᠦᠷᠦ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠯᠲᠡ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠨᠢᠭᠲᠠ ᠪᠦᠯᠬᠦᠮᠳᠡᠨ ᠬᠠᠮᠵᠢᠯᠴᠠᠵᠤ᠂ ᠬᠠᠷᠢᠯᠴᠠᠨ ᠡᠷᠡᠰ ᠲᠡᠮᠵᠢᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠹᠠᠵᠢ᠂ ᠪᠢ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠡᠷᠢᠭᠦᠯᠡᠭᠴᠢ ᠪᠣᠯᠤᠭᠰᠠᠨ 8 ᠵᠢᠯ ᠤᠨ ᠲᠤᠷᠰᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢᠨ ᠲᠦᠷᠭᠡᠨ ᠬᠥᠭᠵᠢᠯᠲᠡ ᠶᠢ ᠭᠡᠷᠡᠴᠢᠯᠡᠪᠡ᠂ ᠳᠤᠮᠳᠠᠳᠤ ᠤᠯᠤᠰ ᠢᠯᠠᠩᠭᠤᠶ᠎ᠠ ᠲᠡᠷᠢᠭᠦᠯᠡᠭᠴᠢ ᠰᠢ  ᠶᠢᠨ ᠫᠢᠩ ᠤᠨ ᠠᠹᠷᠢᠺᠠ ᠳᠤᠮᠳᠠᠳᠤ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠦᠭᠰᠡᠨ ᠭᠠᠷᠮᠠᠭᠠᠢ ᠤᠳᠤᠷᠢᠳᠬᠤ ᠬᠦᠴᠦᠨ ᠳᠤ ᠲᠠᠯᠠᠷᠬᠠᠵᠤ ᠪᠠᠶᠢᠨ᠎ᠠ᠃ ᠬᠠᠭᠠᠰ ᠢᠯᠡᠭᠦᠦ ᠵᠠᠭᠤᠨ ᠤ ᠲᠤᠷᠰᠢ᠂ ᠳᠤᠮᠳᠠᠳᠤ ᠤᠯᠤᠰ ᠢᠮᠠᠭᠲᠠ ᠠᠹᠷᠢᠺᠠ ᠲᠢᠪ ᠤᠨ ᠺᠣᠯᠣᠨᠢᠴᠢᠯᠠᠯ ᠢ ᠡᠰᠡᠷᠭᠦᠴᠡᠬᠦ᠂ ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ᠂ ᠠᠷᠠᠰᠤᠲᠠᠨ ᠤ ᠭᠠᠳᠠᠭᠤᠷᠴᠢᠯᠠᠯ ᠢ ᠡᠰᠡᠷᠭᠦᠴᠡᠬᠦ ᠲᠡᠮᠡᠴᠡᠯ ᠢ ᠡᠷᠡᠰ ᠳᠡᠮᠵᠢᠭᠰᠡᠭᠡᠷ ᠢᠷᠡᠪᠡ᠂ ᠰᠠᠭᠤᠷᠢ ᠲᠥᠬᠦᠭᠡᠷᠦᠮᠵᠢ᠂ ᠡᠷᠡᠭᠦᠯ ᠬᠠᠮᠠᠭᠠᠯᠠᠯ᠂ ᠡᠨᠧᠷᠭᠢ᠂ ᠠᠵᠤ ᠦᠢᠯᠡᠰ᠂ ᠠᠮᠤᠷ ᠲᠦᠪᠰᠢᠨ ᠵᠡᠷᠭᠡ ᠡᠯ᠎ᠡ ᠬᠦᠷᠢᠶᠡᠨ ᠳᠤ ᠠᠹᠷᠢᠺᠠ ᠲᠢᠪ ᠤᠨ ᠤᠯᠤᠰ ᠤᠳ ᠲᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠵᠦ᠂ ᠪᠠᠰᠠ ᠡᠩ ᠲᠡᠷᠢᠭᠦᠨ ᠳᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠤᠷᠢᠨ ᠤᠯᠤᠰ ᠤᠨ ᠪᠦᠯᠦᠭᠯᠡᠯ ᠳᠤ ᠣᠷᠣᠬᠤ ᠶᠢ ᠳᠡᠮᠵᠢᠪᠡ᠂ ᠠᠹᠷᠢᠺᠠ ᠲᠢᠪ ᠤᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠶᠠᠭ ᠡᠶᠢᠮᠦ ᠤᠴᠢᠷ ᠠᠴᠠ ᠠᠹᠷᠢᠺᠠ ᠲᠢᠪ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠥᠪᠡᠷ ᠤᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠵᠡᠷᠭᠡ ᠰᠢᠷᠢᠰ ᠴᠢᠬᠤᠯᠠ ᠶᠡᠭᠡ ᠰᠠᠨᠠᠭᠠᠴᠢᠯᠠᠭ᠎ᠠ ᠨᠢ ᠡᠯ᠎ᠡ ᠤᠯᠤᠰ ᠤᠨ ᠠᠷᠠᠳ ᠲᠦᠮᠡᠨ ᠳᠤ ᠡᠩᠬᠡ ᠲᠠᠶᠢᠪᠤᠩ ᠪᠠ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦᠯᠭᠦ ᠪᠠᠷ ᠴᠢᠷᠮᠠᠶᠢᠪᠠ᠂ ᠡᠨᠡ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠪᠤᠯᠬᠤ ᠶᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠠᠹᠷᠢᠺᠠ ᠲᠢᠪ ᠤᠨ ᠬᠢᠨ ᠳᠤᠮᠳᠠᠳᠤ ᠤᠯᠤᠰ ᠦᠷᠭᠦᠯᠵᠢᠯᠡᠨ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠠᠹᠷᠢᠺᠠ ᠲᠢᠪ ᠤᠨ ᠣᠳᠣᠬᠢᠴᠢᠯᠠᠯᠲᠠ ᠶᠢ ᠪᠡᠶᠡᠯᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ