ᠰᠢ ᠶᠢᠨ ᠫᠢᠩ ᠽᠢᠮᠪᠠᠪᠦ᠋ᠸᠧᠢ ᠶᠢᠨ ᠶᠡᠷᠦᠩᠬᠡᠶᠢᠯᠡᠭᠴᠢ ᠮᠦᠨᠠᠨᠵᠢᠶᠠᠭᠦ᠋ᠸᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/5
      9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠽᠢᠮᠪᠠᠪᠦ᠋ᠸᠧᠢ ᠶᠢᠨ ᠶᠡᠷᠦᠩᠬᠡᠶᠢᠯᠡᠭᠴᠢ ᠮᠦᠨᠠᠨᠵᠢᠶᠠᠭᠦ᠋ᠸᠠ ᠲᠠᠢ ᠬᠡᠯᠡᠯᠴᠡᠭᠡ ᠬᠢᠪᠡ᠃

6386104010846709473342423.png

      9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ

ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ

ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠽᠢᠮᠪᠠᠪᠦ᠋ᠸᠧᠢ ᠶᠢᠨ ᠶᠡᠷᠦᠩᠬᠡᠶᠢᠯᠡᠭᠴᠢ ᠮᠦᠨᠠᠨᠵᠢᠶᠠᠭᠦ᠋ᠸᠠ ᠲᠠᠢ ᠬᠡᠯᠡᠯᠴᠡᠭᠡ ᠬᠢᠪᠡ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ

      ᠰᠢ ᠶᠢᠨ ᠫᠢᠩ᠂ ᠳᠤᠮᠳᠠᠳᠤ ᠽᠢᠮᠪᠠᠪᠦ᠋ᠸᠧᠢ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ ᠶᠤᠮ᠃ ᠣᠶᠢᠷ᠎ᠠ ᠶᠢᠨ ᠵᠢᠯ ᠠᠴᠠ᠂ ᠪᠢᠳᠡᠨ ᠤ

ᠬᠠᠮᠲᠤ ᠶᠢᠨ ᠳᠠᠭᠠᠭᠤᠯᠭ᠎ᠠ ᠳᠣᠣᠷ᠎ᠠ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠬᠠᠮᠲᠤᠷᠠᠯᠴᠠᠭᠠᠨ ᠤ ᠦᠷ᠎ᠡ

ᠪᠦᠲᠦᠭᠡᠯ ᠢᠯᠡᠳᠲᠡ ᠪᠣᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠵᠢᠯᠴᠠᠬᠤ ᠬᠡᠪ ᠳᠠᠭᠤᠷᠢᠶᠠᠯ ᠪᠣᠯᠪᠠ᠃ ᠢᠷᠡᠬᠦ ᠵᠢᠯ᠂ ᠬᠤᠶᠠᠷ ᠤᠯᠤᠰ

ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠠᠨ ᠤᠭᠲᠤᠬᠤ ᠪᠣᠯᠣᠨ᠎ᠠ᠃ ᠳᠤᠮᠳᠠᠳᠤ ᠽᠢᠮᠪᠠᠪᠦ᠋ᠸᠧᠢ ᠶᠢᠨ ᠬᠢᠨ ᠲᠤᠶᠢᠯ ᠤᠨ ᠨᠠᠶᠢᠳᠠᠪᠤᠷᠢᠲᠠᠢ ᠨᠥᠬᠦᠷᠯᠡᠯ ᠢᠶᠠᠨ

ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠬᠤᠶᠠᠷ

ᠲᠠᠯ᠎ᠠ ᠪᠠᠷ ᠢᠶᠠᠨ ᠨᠥᠭᠦᠷᠰᠡᠭ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ᠂ ᠠᠵᠤ ᠠᠬᠤᠢ ᠠᠷᠠᠯᠵᠢᠶ᠎ᠠ᠂ ᠠᠮᠤᠷ ᠲᠦᠪᠰᠢᠨ᠂ ᠰᠣᠶᠣᠯ ᠢᠷᠭᠡᠨᠰᠢᠯ᠂ ᠤᠯᠠᠨ

ᠤᠯᠤᠰ ᠤᠨ ᠬᠠᠮᠵᠢᠯᠴᠠᠭ᠎ᠠ ᠪᠠᠷ ᠲᠤᠯᠭᠠᠭᠤᠷᠢ ᠪᠤᠯᠭᠠᠬᠰᠠᠨ ︽ᠲᠠᠪᠤᠨ ᠣᠳᠣᠲᠤ ᠲᠤᠶᠢᠯ ᠤᠨ ᠨᠠᠶᠢᠳᠠᠪᠤᠷᠢᠲᠠᠢ︾ ᠬᠠᠮᠲᠤᠷᠠᠯᠴᠠᠭᠠᠨ ᠤ ᠪᠦᠲᠦᠴᠡ ᠶᠢ ᠪᠠᠶᠢᠭᠤᠯᠵᠤ᠂

ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠽᠢᠮᠪᠠᠪᠦ᠋ᠸᠧᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠶ᠎ᠠ ᠭᠡᠵᠦ ᠵᠢᠭᠠᠵᠤ

ᠭᠠᠷᠭᠠᠪᠠ᠃

      ᠰᠢ ᠶᠢᠨ ᠫᠢᠩ᠂ ᠳᠤᠮᠳᠠᠳᠤ ᠽᠢᠮᠪᠠᠪᠦ᠋ᠸᠧᠢ ᠬᠤᠶᠠᠷ ᠤᠯᠤᠰ ᠬᠤᠶᠠᠷ ᠨᠠᠮ ᠤᠨ ᠣᠶᠢᠯᠠᠭᠠᠭᠳᠠᠬᠤᠨ ᠠᠳᠠᠯᠢᠪᠲᠤᠷ᠂ ᠢᠲᠡᠭᠡᠯᠴᠡᠭᠡ ᠪᠠᠲᠤ ᠪᠠᠬᠢ ᠶᠤᠮ᠂ ᠡᠨᠡ ᠪᠣᠯ

ᠳᠤᠮᠳᠠᠳᠤ ᠽᠢᠮᠪᠠᠪᠦ᠋ᠸᠧᠢ ᠶᠢᠨ ᠬᠠᠷᠢᠯᠴᠠᠭᠠᠨ ᠤ ᠬᠠᠮᠤᠭ ᠤᠨ ᠶᠡᠭᠡ ᠳᠠᠪᠠᠭᠤᠯᠢᠭ ᠪᠣᠯᠣᠨ᠎ᠠ᠃ ᠳᠤᠮᠳᠠᠳᠤ ᠶᠢᠨ ᠲᠠᠯ᠎ᠠ ᠽᠢᠮᠪᠠᠪᠦ᠋ᠸᠧᠢ ᠶᠢᠨ ᠲᠠᠯ᠎ᠠ ᠶᠢᠨ ᠬᠢᠨ ᠤ ᠡᠷᠬᠡ

ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠳᠡᠮᠵᠢᠵᠦ᠂ ᠭᠠᠳᠠᠭᠠᠳᠤ ᠶᠢᠨ ᠭᠠᠷ ᠳᠦᠷᠦᠯᠲᠡ ᠪᠠ ᠬᠠᠤᠯᠢ ᠪᠤᠰᠤ ᠵᠠᠯᠬᠠᠭᠠᠯ ᠢ

ᠡᠰᠡᠷᠭᠦᠴᠡᠨ᠎ᠡ᠂ ᠳᠤᠷᠠᠲᠠᠶ᠎ᠠ ᠽᠢᠮᠪᠠᠪᠦ᠋ᠸᠧᠢ ᠶᠢᠨ ᠲᠠᠯ᠎ᠠ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂

ᠦᠷᠭᠦᠯᠵᠢᠯᠡᠨ ᠡᠷᠡᠰ ᠪᠠᠲᠤ ᠬᠠᠷᠢᠯᠴᠠᠨ ᠳᠡᠮᠵᠢᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠽᠢᠮᠪᠠᠪᠦ᠋ᠸᠧᠢ ᠶᠢᠨ ᠲᠠᠯ᠎ᠠ ᠲᠠᠢ ᠬᠥᠭᠵᠢᠯᠲᠡ ᠶᠢᠨ ᠪᠠᠶᠢᠯᠳᠤᠬᠤ

ᠪᠣᠳᠣᠯᠭ᠎ᠠ ᠪᠠᠨ ᠭᠦᠨᠵᠡᠭᠡᠢ ᠵᠣᠯᠭᠠᠭᠤᠯᠵᠤ᠂ ᠪᠡᠯᠡ ᠣᠷᠣᠭᠤᠯᠤᠯᠲᠠ᠂ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠡᠨᠧᠷᠭᠢ ᠠᠭᠤᠷᠬᠠᠢ ᠶᠢᠨ ᠭᠠᠷᠤᠯᠲᠠ᠂ ᠴᠡᠪᠡᠷ ᠡᠨᠧᠷᠭᠢ᠂

ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠳᠤᠮᠳᠠᠳᠤ ᠠᠹᠷᠢᠺᠠ ᠶᠢᠨ ᠬᠤᠯᠪᠣᠯᠳᠤᠨ

ᠨᠡᠪᠲᠡᠷᠡᠯᠴᠡᠬᠦ ᠲᠣᠣᠷ ᠢ ᠪᠠᠶᠢᠭᠤᠯᠵᠤ᠂ ᠽᠢᠮᠪᠠᠪᠦ᠋ᠸᠧᠢ ᠪᠣᠯᠣᠨ ᠠᠹᠷᠢᠺᠠ ᠲᠢᠪ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ

ᠨᠡᠮᠡᠷᠢᠯᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠽᠢᠮᠪᠠᠪᠦ᠋ᠸᠧᠢ ᠶᠢᠨ ᠰᠢᠯᠢᠳᠡᠭ ᠰᠤᠷᠤᠬᠴᠢᠳ ᠤᠨ ᠳᠤᠮᠳᠠᠳᠤ ᠤᠯᠤᠰ ᠲᠤ ᠢᠷᠡᠵᠦ ᠰᠤᠷᠤᠯᠴᠠᠬᠤ ᠳᠤ

ᠦᠷᠭᠦᠯᠵᠢᠯᠡᠨ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠵᠤ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠶᠢᠨ

ᠳᠤᠷᠠᠳᠤᠭᠰᠠᠨ ᠡᠯ᠎ᠡ ᠲᠦᠷᠦᠯ ᠤᠨ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠪᠠ ᠵᠣᠷᠢᠯᠲᠠ ᠶᠢ ᠽᠢᠮᠪᠠᠪᠦ᠋ᠸᠧᠢ ᠶᠢᠨ ᠬᠢᠨ ᠲᠡᠮᠵᠢᠵᠦ ᠪᠠᠶᠢᠬᠤ ᠶᠢ ᠳᠤᠮᠳᠠᠳᠤ ᠶᠢᠨ

ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠽᠢᠮᠪᠠᠪᠦ᠋ᠸᠧᠢ ᠶᠢᠨ ᠡᠮᠦᠨᠡᠲᠦ ᠬᠡᠰᠡᠭ ᠤᠨ ᠠᠹᠷᠢᠺᠠ ᠲᠢᠪ ᠤᠨ ᠬᠥᠭᠵᠢᠯᠲᠡ ᠶᠢᠨ ᠬᠠᠮᠲᠤ ᠶᠢᠨ

ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ ᠽᠢᠮᠪᠠᠪᠦ᠋ᠸᠧᠢ ᠶᠢᠨ ᠲᠠᠯ᠎ᠠ ᠶᠢᠨ ᠬᠢᠨ ᠲᠠᠢ ᠤᠯᠠᠨ ᠤᠯᠤᠰ ᠤᠨ

ᠬᠠᠮᠵᠢᠯᠴᠠᠭ᠎ᠠ ᠪᠠᠨ ᠴᠢᠩᠭᠠᠳᠬᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ᠂ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ

ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠤᠯᠤᠰ ᠢᠮᠠᠭᠲᠠ ᠠᠹᠷᠢᠺᠠ ᠲᠢᠪ ᠤᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠭᠠᠳᠠᠭᠠᠳᠤ ᠲᠦᠷᠦ ᠶᠢᠨ

ᠪᠣᠳᠣᠯᠭ᠎ᠠ ᠶᠢᠨ ᠢᠶᠠᠨ ᠰᠠᠭᠤᠷᠢ ᠪᠤᠯᠭᠠᠵᠤ᠂ ᠠᠹᠷᠢᠺᠠ ᠲᠢᠪ ᠤᠨ ᠤᠯᠤᠰ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ

ᠡᠷᠡᠰ ᠳᠡᠮᠵᠢᠵᠦ᠂ ᠠᠹᠷᠢᠺᠠ ᠲᠢᠪ ᠤᠨ ᠳᠡᠯᠡᠬᠡᠢ ᠶᠢᠨ ᠤᠯᠤᠰ ᠲᠦᠷᠦ᠂ ᠠᠵᠤ ᠠᠬᠤᠢ᠂ ᠪᠣᠯᠪᠠᠰᠤᠨ ᠤ ᠬᠥᠭᠵᠢᠯᠲᠡ ᠶᠢᠨ ᠴᠢᠬᠤᠯᠠ ᠨᠢᠭᠡ ᠲᠤᠶᠢᠯ ᠪᠤᠯᠬᠤ ᠶᠢ ᠳᠡᠮᠵᠢᠨ᠎ᠠ᠃

ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ ᠬᠠᠮᠤᠭ ᠤᠨ

ᠴᠢᠬᠤᠯᠠ ᠲᠠᠪᠴᠠᠩ ᠪᠠ ᠲᠣᠭᠲᠠᠴᠠ ᠮᠥᠨ᠂ ᠲᠡᠷᠡ ᠨᠢ ᠨᠢᠭᠡᠨᠲᠡ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ

ᠨᠢᠭᠡᠨ ᠲᠤᠭ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠬᠠᠮᠲᠤ ᠪᠠᠷ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ

ᠲᠦᠷᠦᠭᠦᠴᠦᠳ ᠤᠨ ᠬᠤᠷᠠᠯ ᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠳᠤᠷᠠᠰᠬᠠᠯ ᠤᠨ ᠮᠠᠶ᠋ᠢᠭ ᠤᠨ ᠦᠪᠡᠳᠡᠭᠰᠢ

ᠴᠤᠭᠯᠠᠭᠠᠨ ᠪᠣᠯᠭᠠᠨ ᠡᠷᠭᠢᠯᠡᠵᠦ᠂ ᠳᠤᠮᠳᠠᠳᠤ ᠠᠹᠷᠢᠺᠠ ᠶᠢᠨ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠷᠮᠠᠶᠢᠬᠤ ᠴᠢᠭᠯᠡᠯ ᠪᠣᠯᠣᠨ ᠪᠡᠶᠡᠯᠡᠭᠦᠯᠬᠦ ᠠᠷᠭ᠎ᠠ

ᠵᠠᠮ ᠢ ᠲᠣᠳᠣᠷᠬᠠᠶᠢᠯᠠᠨ᠎ᠠ ᠭᠡᠵᠦ ᠵᠢᠭᠠᠵᠤ ᠭᠠᠷᠭᠠᠪᠠ᠃

      ᠮᠦᠨᠠᠨᠵᠢᠶᠠᠭᠦ᠋ᠸᠠ᠂ ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ ᠬᠤᠭᠤᠴᠠᠭᠠᠨ ᠳᠤ᠂ ᠪᠢ ᠬᠤᠨᠠᠨ᠂ ᠱᠧᠨᠵᠧᠨ ᠪᠣᠯᠣᠨ ᠨᠠᠨᠵᠢᠩ ᠳᠤ

ᠠᠶᠢᠯᠴᠢᠯᠠᠭᠠᠳ ᠶᠡᠬᠡᠳᠡ ᠵᠣᠷᠢᠭᠵᠢᠵᠤ ᠰᠡᠩᠬᠡᠷᠡᠭᠦᠯᠦᠯ ᠣᠯᠵᠠᠢ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ

ᠬᠥᠭᠵᠢᠯᠲᠡ ᠶᠢᠨ ᠠᠮᠵᠢᠯᠲᠠ ᠣᠯᠵᠤ᠂ ᠮᠠᠰᠢ ᠤᠯᠠᠨ ᠳᠤᠮᠳᠠᠳᠤ ᠤᠯᠤᠰ ᠤᠨ ᠮᠡᠷᠭᠡᠵᠢᠯ ᠪᠣᠯᠣᠨ ᠠᠵᠤ ᠠᠬᠤᠶᠢᠯᠠᠯ ᠳᠡᠯᠡᠬᠡᠢ ᠶᠢᠨ ᠲᠡᠷᠢᠭᠦᠨ ᠤ ᠲᠦᠪᠰᠢᠨ ᠳᠤ

ᠭᠦᠷᠦᠭᠰᠡᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ

ᠭᠠᠷᠭᠠᠭᠰᠠᠨ ᠠᠯᠢ ᠣᠯᠠᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠳᠤᠮᠳᠠᠳᠤ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠤᠯᠠᠮ ᠨᠢᠭᠡ

ᠠᠯᠬᠤᠮ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠴᠢᠨᠠᠭᠰᠢᠯᠠᠪᠠᠯ ᠬᠥᠮᠥᠨ ᠲᠥᠷᠥᠯᠬᠢᠲᠡᠨ ᠤ

ᠢᠷᠡᠭᠡᠳᠦᠢ ᠳᠤ ᠴᠢᠬᠤᠯᠠ ᠶᠡᠭᠡ ᠨᠥᠯᠥᠭᠡ ᠦᠵᠡᠭᠦᠯᠭᠦ ᠪᠣᠯᠣᠨ᠎ᠠ᠃ ᠳᠤᠮᠳᠠᠳᠤ ᠤᠯᠤᠰ ᠤᠨ ᠽᠢᠮᠪᠠᠪᠦ᠋ᠸᠧᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨ᠎ᠡ

ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠢ ᠪᠠᠭᠲᠠᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ

ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠬᠠᠪᠰᠤᠷᠤᠯᠭ᠎ᠠ ᠪᠣᠯᠣᠨ ᠬᠠᠮᠲᠤᠷᠠᠯᠴᠠᠭ᠎ᠠ ᠽᠢᠮᠪᠠᠪᠦ᠋ᠸᠧᠢ ᠶᠢᠨ ᠠᠷᠠᠳ ᠲᠦᠮᠡᠨ ᠳᠤ ᠪᠤᠶᠠᠨ

ᠦᠢᠯᠡᠳᠴᠦ᠂ ᠰᠢᠨ᠎ᠡ ᠴᠠᠭ ᠦᠶ᠎ᠡ ᠶᠢᠨ ᠽᠢᠮᠪᠠᠪᠦ᠋ᠸᠧᠢ ᠳᠤᠮᠳᠠᠳᠤ ᠶᠢᠨ ᠨᠥᠬᠦᠷᠯᠡᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠢᠴᠢᠭᠯᠡᠪᠡ᠃ ᠽᠢᠮᠪᠠᠪᠦ᠋ᠸᠧᠢ ᠶᠢᠨ ᠬᠢᠨ

ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠢ ᠵᠠᠰᠠᠬᠤ ᠨᠠᠮ ᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ᠂ ᠬᠥᠳᠡᠭᠡ

ᠠᠵᠤ ᠠᠬᠤᠢ᠂ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠽᠢᠮᠪᠠᠪᠦ᠋ᠸᠧᠢ ᠶᠢᠨ

ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠨ᠎ᠡ᠃ ᠽᠢᠮᠪᠠᠪᠦ᠋ᠸᠧᠢ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠤᠯᠠᠨ ᠤᠯᠤᠰ ᠤᠨ ᠲᠠᠯᠠᠪᠤᠷ ᠲᠤ

ᠽᠢᠮᠪᠠᠪᠦ᠋ᠸᠧᠢ ᠶᠢᠨ ᠲᠠᠯ᠎ᠠ ᠳᠤ ᠲᠥᠪ ᠶᠣᠰᠣᠨ ᠤ ᠦᠨᠡᠨ ᠦᠭᠡ ᠬᠡᠯᠡᠭᠰᠡᠨ ᠳᠤ ᠲᠠᠯᠠᠷᠬᠠᠵᠤ᠂ ᠳᠤᠮᠳᠠᠳᠤ ᠤᠯᠤᠰ ᠤᠨ ᠦᠺᠷᠠᠶᠢᠨ ᠤ ᠬᠢᠮᠤᠷᠠᠯ ᠪᠣᠯᠣᠨ ᠫᠠᠯᠧᠰᠲ᠋ᠠᠶᠢᠨ

ᠢᠰᠷᠧᠯ ᠤᠨ ᠮᠥᠷᠭᠦᠯᠳᠦᠭᠡᠨ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠡᠭᠡᠷ᠎ᠡ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠭᠰᠡᠨ ᠢ ᠮᠠᠭᠲᠠᠨ

ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠲᠤᠬᠠᠢ ᠰᠢᠷᠢᠰ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ

ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ᠽᠢᠮᠪᠠᠪᠦ᠋ᠸᠧᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ

ᠬᠢᠴᠢᠶᠡᠩᠭᠦᠶᠢᠯᠡᠨ ᠵᠢᠷᠤᠮᠯᠠᠬᠤ ᠶᠢ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ ᠤᠨ ᠡᠮᠦᠨᠡᠲᠦ ᠬᠡᠰᠡᠭ ᠤᠨ ᠠᠹᠷᠢᠺᠠ ᠲᠢᠪ ᠲᠠᠬᠢ ᠡᠷᠡᠰ ᠪᠠᠲᠤ ᠳᠣᠲᠣᠨᠣ ᠨᠠᠶᠢᠵᠠ

ᠪᠣᠯᠵᠤ᠂ ᠳᠤᠮᠳᠠᠳᠤ ᠤᠯᠤᠰ ᠯᠤᠭ᠎ᠠ ᠬᠠᠮᠲᠤ ᠪᠠᠷ ᠽᠢᠮᠪᠠᠪᠦ᠋ᠸᠧᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ

ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ

ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠲᠠᠢ ᠶᠠᠪᠤᠭᠳᠠᠵᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠶᠢ ᠠᠬᠢᠭᠤᠯᠬᠤ

ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠣᠯᠬᠤ ᠶᠢ ᠵᠥᠩᠨᠡᠶ᠎ᠡ ᠭᠡᠵᠦ ᠢᠯᠡᠳᠬᠡᠪᠡ᠃

      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ

ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ᠂ ᠠᠯᠢᠮᠠᠯᠢᠭ ᠵᠢᠮᠢᠰ ᠢ ᠳᠤᠮᠳᠠᠳᠤ ᠤᠯᠤᠰ ᠲᠤ

ᠣᠷᠣᠭᠤᠯᠬᠤ᠂ ᠰᠣᠨᠢᠨ ᠮᠡᠳᠡᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ

ᠵᠢᠷᠤᠬᠤ ᠶᠢ ᠬᠠᠮᠲᠤ ᠪᠠᠷ ᠭᠡᠷᠡᠴᠢᠯᠡᠪᠡ᠃

      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠽᠢᠮᠪᠠᠪᠦ᠋ᠸᠧᠢ ᠤᠯᠤᠰ ᠤᠨ ᠪᠦᠭᠦ

ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠥᠨᠳᠥᠷ ᠬᠢᠷᠢ ᠬᠡᠮᠵᠢᠶ᠎ᠡ

ᠪᠦᠬᠦᠢ ᠳᠤᠮᠳᠠᠳᠤ ᠽᠢᠮᠪᠠᠪᠦ᠋ᠸᠧᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃

      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠦᠨᠠᠨᠵᠢᠶᠠᠭᠦ᠋ᠸᠠ ᠶᠢ

ᠤᠭᠲᠤᠬᠤ ᠶᠣᠰᠣᠯᠠᠯ ᠶᠠᠪᠤᠭᠤᠯᠪᠠ᠃

      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ