ᠰᠢ ᠶᠢᠨ ᠫᠢᠩ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/5
      9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

6386104072826621636560297.png

      9 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ

ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ

ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠦ᠋ᠪᠦ᠋ ᠲᠠᠢ ᠬᠡᠯᠡᠯᠴᠡᠭᠡ ᠬᠢᠪᠡ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠬᠤᠸᠠᠩ ᠵᠢᠩ ᠸᠧᠨ  ᠰᠡᠭᠦᠳᠡᠷᠯᠡᠪᠡ

      ᠰᠢ ᠶᠢᠨ ᠫᠢᠩ᠂ ᠨᠢᠭᠧᠷᠢᠶ᠎ᠠ ᠪᠣᠯ ᠠᠹᠷᠢᠺᠠ ᠲᠢᠪ ᠤᠨ ᠴᠢᠬᠤᠯᠠ ᠨᠥᠯᠥᠭᠡ ᠲᠠᠢ ᠲᠣᠮᠣ ᠤᠯᠤᠰ ᠮᠥᠨ᠂ ᠯᠤᠲᠤ ᠶᠡᠭᠡ ᠬᠥᠮᠥᠨ ᠠᠮᠠ ᠶᠢᠨ ᠬᠡᠪᠴᠢᠶ᠎ᠡ ᠪᠠ

ᠬᠥᠭᠵᠢᠯᠲᠡ ᠶᠢᠨ ᠲᠠᠯᠳᠡ ᠬᠦᠴᠦᠨ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠭᠠᠷᠤᠢ ᠶᠢᠨ ᠲᠤᠷᠰᠢ᠂ ᠳᠤᠮᠳᠠᠳᠤ ᠨᠢᠭᠧᠷᠢᠶ᠎ᠠ ᠢᠮᠠᠭᠲᠠ ᠬᠠᠷᠢᠯᠴᠠᠨ

ᠭᠦᠨᠳᠦᠳᠭᠡᠵᠦ᠂ ᠡᠷᠬᠡ ᠲᠡᠭᠰᠢ ᠬᠠᠨᠳᠤᠯᠴᠠᠵᠤ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠮ ᠢᠶᠠᠷ ᠵᠠᠮᠨᠠᠪᠠ᠃

ᠣᠶᠢᠷ᠎ᠠ ᠶᠢᠨ ᠵᠢᠯ ᠠᠴᠠ᠂ ᠬᠤᠶᠠᠷ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷ᠎ᠠ ᠨᠢᠭᠡ ᠪᠦᠯᠦᠭ

ᠵᠢᠱᠢᠶ᠎ᠡ ᠦᠵᠡᠭᠦᠯᠭᠦ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠯᠢ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠬᠡᠷᠡᠭᠵᠢᠭᠦᠯᠪᠡ᠃

ᠳᠤᠮᠳᠠᠳᠤ ᠤᠯᠤᠰ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ

ᠪᠤᠢ᠂ ᠡᠨᠡ ᠨᠢ ᠳᠤᠮᠳᠠᠳᠤ ᠨᠢᠭᠧᠷᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠨᠡᠩ ᠤᠯᠠᠨ ᠠᠵᠠ ᠲᠣᠭᠢᠶᠠᠯ ᠠᠪᠴᠢᠷᠠᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ

ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠲᠤᠰ ᠲᠤᠰ ᠤᠨ ᠣᠳᠣᠬᠢᠴᠢᠯᠠᠯᠲᠠ ᠪᠠᠨ ᠭᠠᠷ ᠬᠤᠯᠪᠣᠨ ᠪᠡᠶᠡᠯᠡᠭᠦᠯᠵᠦ᠂ ᠳᠤᠮᠳᠠᠳᠤ ᠨᠢᠭᠧᠷᠢᠶ᠎ᠠ ᠶᠢᠨ ᠬᠠᠷᠢᠯᠴᠠᠭ᠎ᠠ ᠶᠢᠨ ᠨᠡᠩ

ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠦᠶ᠎ᠡ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ

ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠲᠤᠰ

ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠶ᠎ᠡ᠃ ᠬᠥᠭᠵᠢᠯᠲᠡ ᠶᠢᠨ

ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ

ᠭᠦᠷᠳᠡᠭᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ᠂ ᠡᠨᠧᠷᠭᠢ ᠶᠢᠨ ᠰᠤᠷᠪᠤᠯᠵᠢ

ᠠᠭᠤᠷᠬᠠᠢ ᠶᠢᠨ ᠭᠠᠷᠤᠯᠲᠠ ᠪᠣᠯᠣᠨ ᠠᠵᠤ ᠦᠢᠯᠡᠰ ᠤᠨ ᠬᠠᠮᠲᠤᠷᠠᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ

ᠵᠡᠷᠭᠡ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠨᠢᠭᠧᠷᠢᠶ᠎ᠠ ᠶᠢᠨ ᠲᠠᠯ᠎ᠠ ᠶᠢᠨ ᠬᠢᠨ ᠨᠢᠭᠧᠷᠢᠶ᠎ᠠ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ

ᠬᠥᠮᠥᠰ ᠪᠣᠯᠣᠨ ᠲᠥᠷᠥᠯ ᠵᠦᠢᠯ ᠤᠨ ᠠᠮᠤᠷ ᠲᠦᠪᠰᠢᠨ ᠢ ᠬᠠᠮᠠᠭᠠᠯᠠᠬᠤ ᠶᠢ ᠬᠦᠰᠡᠵᠦ ᠪᠠᠶᠢᠨ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂

ᠬᠠᠷᠢᠯᠴᠠᠨ ᠲᠠᠨᠢᠨ ᠮᠡᠳᠡᠬᠦᠢ ᠪᠠᠨ ᠨᠡᠮᠡᠭᠳᠡᠭᠦᠯᠦᠶ᠎ᠡ᠃ ᠳᠤᠮᠳᠠᠳᠤ ᠤᠯᠤᠰ ᠨᠢᠭᠧᠷᠢᠶ᠎ᠠ ᠶᠢᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ᠂ ᠭᠠᠵᠠᠷ ᠣᠷᠣᠨ ᠤ

ᠲᠣᠭᠲᠠᠭᠤᠨ ᠢ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠭᠦ ᠶᠢ ᠲᠡᠮᠵᠢᠵᠥ᠂ ᠳᠤᠷᠠᠲᠠᠶ᠎ᠠ ᠨᠢᠭᠧᠷᠢᠶ᠎ᠠ

 ᠶᠢᠨ ᠬᠢᠨ ᠲᠠᠢ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠠᠮᠲᠤ ᠪᠠᠷ

ᠬᠠᠮᠠᠭᠠᠯᠠᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ

ᠬᠠᠮᠲᠤᠷᠠᠯᠴᠠᠭ᠎ᠠ ᠶᠢ ᠠᠬᠢᠭᠤᠯᠬᠤ ᠪᠦᠲᠦᠮᠵᠢᠲᠡᠢ ᠲᠣᠭᠲᠠᠴᠠ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠨᠢᠭᠡᠨ

ᠲᠤᠭ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢᠶᠠᠷ ᠠᠵᠠ

ᠲᠣᠭᠢᠶᠠᠯ ᠪᠤᠯᠭᠠᠵᠤ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠠᠹᠷᠢᠺᠠ ᠶᠢᠨ

ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠠᠷᠢᠯᠴᠠᠭᠠᠨ ᠤ ᠬᠥᠭᠵᠢᠯᠲᠡ ᠳᠤ

ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

      ᠲᠢᠨᠦ᠋ᠪᠦ᠋᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠮᠳᠠᠳᠤ ᠤᠯᠤᠰ ᠤᠨ ᠬᠠᠯᠠᠭᠤᠨ ᠢᠶᠠᠷ

ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃ ᠨᠢᠭᠧᠷᠢᠶ᠎ᠠ ᠳᠤᠮᠳᠠᠳᠤ ᠶᠢᠨ ᠬᠠᠷᠢᠯᠴᠠᠭ᠎ᠠ ᠨᠢᠭᠡᠨᠲᠡ ᠬᠠᠭᠠᠰ ᠵᠠᠭᠤᠨ ᠭᠠᠷᠤᠢ ᠦᠷᠭᠦᠯᠵᠢᠯᠡᠵᠦ᠂ ᠬᠤᠶᠠᠷ ᠲᠠᠯ᠎ᠠ ᠶᠢᠨ

ᠬᠠᠮᠲᠤᠷᠠᠯᠴᠠᠭ᠎ᠠ ᠨᠢᠭᠧᠷᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ᠃ ᠪᠢ ᠲᠡᠷᠢᠭᠦᠯᠡᠭᠴᠢ ᠰᠢ ᠶᠢᠨ ᠫᠢᠩ ᠤᠨ ᠨᠢᠭᠧᠷᠢᠶ᠎ᠠ ᠳᠤᠮᠳᠠᠳᠤ ᠶᠢᠨ

ᠬᠠᠷᠢᠯᠴᠠᠭ᠎ᠠ ᠶᠢᠨ ᠲᠤᠬᠠᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠨ᠎ᠡ᠃ ᠨᠢᠭᠧᠷᠢᠶ᠎ᠠ ᠯᠤᠲᠤ ᠶᠡᠭᠡ ᠵᠠᠯᠠᠭᠤ ᠬᠥᠮᠥᠨ ᠠᠮᠠ ᠪᠠ ᠯᠤᠲᠤ ᠶᠡᠭᠡ ᠬᠥᠭᠵᠢᠯᠲᠡ ᠶᠢᠨ

ᠳᠠᠯᠳᠠ ᠬᠦᠴᠦᠨ ᠲᠠᠢ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠨᠢᠭᠡᠨᠲᠡ ᠠᠭᠤᠤ ᠶᠡᠭᠡ ᠠᠮᠵᠢᠯᠲᠠ ᠣᠯᠵᠠᠢ᠂ ᠨᠢᠭᠧᠷᠢᠶ᠎ᠠ ᠶᠢᠨ ᠬᠢᠨ ᠪᠠᠰᠠ

ᠥᠭᠡᠷᠡᠴᠢᠯᠡᠯᠲᠡ ᠨᠡᠭᠡᠭᠡᠯᠲᠡ ᠬᠢᠵᠦ ᠪᠤᠢ᠂ ᠨᠢᠭᠧᠷᠢᠶ᠎ᠠ ᠳᠤᠮᠳᠠᠳᠤ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠨᠢ ᠨᠢᠭᠧᠷᠢᠶ᠎ᠠ ᠶᠢᠨ ᠢᠷᠡᠭᠡᠳᠦᠢ ᠶᠢᠨ ᠬᠥᠭᠵᠢᠯᠲᠡ ᠳᠤ ᠲᠤᠶᠢᠯ ᠤᠨ ᠴᠢᠬᠤᠯᠠ ᠶᠤᠮ᠃ ᠨᠢᠭᠧᠷᠢᠶ᠎ᠠ ᠶᠢᠨ

 ᠬᠢᠨ ᠳᠤᠮᠳᠠᠳᠤ ᠤᠯᠤᠰ ᠤᠨ ᠠᠹᠷᠢᠺᠠ ᠲᠢᠪ ᠲᠠᠬᠢ ᠬᠠᠮᠤᠭ ᠤᠨ ᠶᠡᠭᠡ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠠᠨᠢᠲᠠᠨ ᠪᠤᠯᠬᠤ ᠶᠢ ᠬᠦᠰᠡᠵᠦ

ᠪᠠᠶᠢᠨ᠎ᠠ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠨᠢᠭᠧᠷᠢᠶ᠎ᠠ ᠳᠤ ᠬᠦᠷᠴᠦ ᠪᠡᠯᠡ ᠣᠷᠣᠭᠤᠯᠤᠨ᠂ ᠬᠥᠳᠡᠭᠡ ᠠᠵᠤ ᠠᠬᠤᠢ᠂ ᠦᠢᠯᠡᠳᠬᠦ ᠦᠢᠯᠡᠰ᠂

ᠠᠭᠤᠷᠬᠠᠢ ᠶᠢᠨ ᠡᠨᠧᠷᠭᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ᠂ ᠨᠢᠭᠧᠷᠢᠶ᠎ᠠ ᠪᠣᠯᠣᠨ ᠪᠠᠷᠠᠭᠤᠨ

ᠬᠡᠰᠡᠭ ᠤᠨ ᠠᠹᠷᠢᠺᠠ ᠲᠢᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠪᠦᠲᠦᠮᠵᠢᠲᠡᠢ ᠠᠩᠭᠢᠵᠢᠷᠠᠭᠤᠯᠬᠤ ᠶᠢ

ᠪᠠᠶᠠᠷᠯᠠᠨ ᠤᠭᠲᠤᠨ᠎ᠠ᠂ ᠨᠢᠭᠧᠷᠢᠶ᠎ᠠ ᠶᠢᠨ ᠬᠢᠨ ᠳᠤᠷᠠᠲᠠᠶ᠎ᠠ ᠡᠭᠦᠨ ᠳᠤ ᠰᠠᠶᠢᠨ ᠰᠠᠶᠢᠬᠠᠨ ᠠᠮᠤᠷ ᠲᠦᠪᠰᠢᠨ ᠤ ᠨᠥᠬᠦᠴᠡᠯ ᠬᠠᠩᠭᠠᠨ᠎ᠠ᠃ ᠳᠤᠮᠳᠠᠳᠤ ᠤᠯᠤᠰ ᠨᠢᠭᠧᠷᠢᠶ᠎ᠠ

 ᠶᠢᠨ ᠵᠠᠯᠠᠭᠤᠴᠤᠳ ᠲᠤ ᠴᠢᠬᠤᠯᠠ ᠪᠣᠯᠪᠠᠰᠤᠷᠠᠯ ᠤᠨ ᠲᠣᠭᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠰᠣᠶᠣᠯ ᠢᠷᠭᠡᠨᠰᠢᠯ ᠤᠨ

ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠨᠢᠭᠧᠷᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ

ᠳᠤᠮᠳᠠᠳᠤ ᠤᠯᠤᠰ ᠯᠤᠭ᠎ᠠ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ᠃

ᠨᠢᠭᠧᠷᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ

ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ

ᠭᠡᠵᠦ ᠢᠯᠡᠳᠬᠡᠪᠡ᠃

      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ

ᠬᠠᠮᠲᠤᠷᠠᠯᠴᠠᠭᠠᠨ ᠤ ᠲᠥᠯᠦᠪᠵᠢᠭᠦᠯᠭᠡ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠶᠢᠨ ᠬᠥᠭᠵᠢᠯᠲᠡ᠂ ᠳᠣᠬᠢᠭᠤᠷ ᠲᠤᠯᠤᠭᠠᠨ ᠤᠳᠤ

ᠳᠠᠭᠠᠭᠤᠯᠢ ᠤᠳᠤᠨ ᠤ ᠵᠠᠮᠴᠢᠯᠠᠬᠤ ᠰᠢᠰᠲ᠋ᠧᠮ ᠤᠨ ᠬᠡᠷᠡᠭᠯᠡᠭᠡᠨ᠂ ᠯᠣᠬᠠᠱᠧᠩ ᠢ ᠳᠤᠮᠳᠠᠳᠤ ᠤᠯᠤᠰ ᠲᠤ ᠣᠷᠣᠭᠤᠯᠬᠤ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ

ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠨᠢᠭᠧᠷᠢᠶ᠎ᠠ ᠤᠯᠤᠰ ᠤᠨ

ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠥᠨᠳᠥᠷ ᠬᠢᠷᠢ ᠬᠡᠮᠵᠢᠶ᠎ᠡ ᠪᠦᠬᠦᠢ ᠳᠤᠮᠳᠠᠳᠤ ᠨᠢᠭᠧᠷᠢᠶ᠎ᠠ ᠶᠢᠨ ᠬᠤᠪᠢ

ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃

      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠢᠨᠦ᠋ᠪᠦ᠋ ᠶᠢ ᠤᠭᠲᠤᠬᠤ

ᠶᠣᠰᠣᠯᠠᠯ ᠶᠠᠪᠤᠭᠤᠯᠪᠠ᠃

      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ