ᠰᠢ ᠶᠢᠨ ᠫᠢᠩ ᠰᠧᠨᠧᠭᠠᠯ ᠤᠨ ᠶᠡᠷᠦᠩᠬᠡᠶᠢᠯᠡᠭᠴᠢ ᠹᠠᠶᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/9/5
      9 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠳᠤᠮᠳᠠᠳᠤ ᠤᠯᠤᠰ ᠲᠤ ᠢᠷᠡᠭᠰᠡᠨ ᠰᠧᠨᠧᠭᠠᠯ ᠤᠨ ᠶᠡᠷᠦᠩᠬᠡᠶᠢᠯᠡᠭᠴᠢ ᠹᠠᠶᠧ ᠲᠠᠢ ᠬᠡᠯᠡᠯᠴᠡᠭᠡ ᠬᠢᠪᠡ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠰᠧᠨᠧᠭᠠᠯ ᠪᠣᠯ ᠤᠯᠤᠰ ᠤᠨ ᠬᠥᠭᠵᠢᠨ ᠮᠠᠨᠲᠤᠯᠲᠠ ᠶᠢᠨ  ᠵᠠᠮ ᠳᠡᠭᠡᠷᠡᠬᠢ ᠨᠠᠶᠢᠵᠠ ᠪᠠ ᠬᠠᠨᠢᠲᠠᠨ ᠮᠥᠨ᠃ ᠤᠯᠠᠨ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ ᠬᠦᠨᠳᠦᠳᠬᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠪᠠᠷᠢᠮᠲᠠᠯᠠᠨ ᠬᠠᠮᠲᠤᠷᠠᠯᠴᠠᠭ᠎ᠠ ᠥᠷᠨᠢᠭᠦᠯᠵᠦ᠂ ᠦᠨᠡᠨ ᠪᠣᠳᠠᠲᠠᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠳᠤᠮᠳᠠᠳᠤ ᠤᠯᠤᠰ ᠳᠤᠷᠠᠲᠠᠶ᠎ᠠ ᠰᠧᠨᠧᠭᠠᠯ ᠤᠨ ᠬᠢᠨ ᠲᠠᠢ ᠲᠤᠰ ᠲᠤᠰ ᠤᠨ ᠢᠶᠠᠨ ᠣᠳᠣᠬᠢᠴᠢᠯᠠᠯᠲᠠ ᠶᠢ ᠪᠡᠶᠡᠯᠡᠭᠦᠯᠬᠦ ᠵᠠᠮ ᠳᠡᠭᠡᠷ᠎ᠡ ᠭᠠᠷ ᠬᠤᠯᠪᠣᠯᠴᠠᠨ ᠤᠷᠤᠭᠰᠢᠯᠠᠵᠤ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠰᠧᠨᠧᠭᠠᠯ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠦᠷᠭᠦᠯᠵᠢᠯᠡᠨ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠣᠮᠢᠯᠠᠵᠤ᠂ ᠰᠧᠨᠧᠭᠠᠯ ᠤᠨ ᠬᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠤ᠂ ᠰᠢᠨ᠎ᠡ ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠰᠧᠨᠧᠭᠠᠯ ᠤᠨ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠨ᠎ᠡ᠃ ᠳᠤᠮᠳᠠᠳᠤ ᠰᠧᠨᠧᠭᠠᠯ ᠮᠠᠰᠢ ᠤᠯᠠᠨ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷᠡᠬᠢ ᠵᠣᠭᠰᠣᠯᠲᠠ ᠠᠳᠠᠯᠢᠪᠲᠤᠷ ᠶᠤᠮ᠂ ᠳᠤᠮᠳᠠᠳᠤ ᠤᠯᠤᠰ ᠳᠤᠷᠠᠲᠠᠶ᠎ᠠ ᠰᠧᠨᠧᠭᠠᠯ ᠤᠨ ᠬᠢᠨ ᠲᠠᠢ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ︽ᠠᠯᠳᠠᠨ ᠦᠰᠦᠭᠲᠦ ᠫᠠᠶᠢᠰᠠ︾ ᠮᠥᠨ᠂ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠶᠢᠨ᠎ᠠ᠃ ᠳᠤᠮᠳᠠᠳᠤ ᠰᠧᠨᠧᠭᠠᠯ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ 6 ᠵᠢᠯ ᠤᠨ ᠲᠤᠷᠰᠢ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠲᠦᠷᠦᠭᠦᠦ ᠬᠤᠶᠠᠷ ᠬᠤᠭᠤᠴᠠᠭᠠᠨ ᠤ ᠶᠠᠷᠢᠶᠠᠨ ᠤ ᠲᠠᠪᠴᠠᠩ ᠤᠨ ᠬᠤᠷᠠᠯ ᠠᠴᠠ ᠭᠠᠷᠭᠠᠭᠰᠠᠨ ︽ᠨᠠᠢᠮᠠᠨ ᠶᠡᠭᠡ ᠠᠵᠢᠯᠯᠠᠭ᠎ᠠ︾ ᠪᠣᠯᠣᠨ ︽ᠶᠢᠰᠦᠨ ᠢᠨᠵᠧᠨᠧᠷᠢᠩ︾ ᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠪᠠ᠃ ᠰᠧᠨᠧᠭᠠᠯ ᠨᠢ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠳᠥᠷᠪᠡᠳᠡᠬᠢ ᠬᠠᠮᠲᠤ ᠶᠢᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭ᠎ᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠰᠧᠨᠧᠭᠠᠯ ᠤᠨ  ᠬᠢᠨ ᠲᠠᠢ ᠨᠢᠭᠲᠠ ᠬᠠᠮᠵᠢᠯᠴᠠᠵᠤ᠂ ᠲᠣᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠲᠡᠭᠦᠰ ᠠᠮᠵᠢᠯᠲᠠ ᠣᠯᠬᠤ ᠶᠢ ᠬᠥᠲᠥᠯᠥᠨ ᠳᠠᠭᠠᠭᠤᠯᠵᠤ᠂ ᠭᠠᠷ ᠬᠤᠯᠪᠣᠨ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠠᠶᠠᠨ ᠢ ᠡᠬᠢᠯᠡᠭᠦᠯᠦᠨ᠎ᠡ ᠭᠡᠵᠦ ᠵᠢᠭᠠᠵᠤ ᠭᠠᠷᠭᠠᠪᠠ᠃      ᠹᠠᠶᠧ᠂ ᠠᠩᠬᠠᠳᠤᠭᠠᠷ ᠤᠳᠠᠭ᠎ᠠ ᠶᠢᠨ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠳᠤᠮᠳᠠᠳᠤ ᠤᠯᠤᠰ ᠲᠤ ᠢᠷᠡᠭᠰᠡᠨ ᠪᠥᠭᠡᠳ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠣᠯᠤᠭᠰᠠᠨ ᠳᠠᠭᠠᠨ ᠪᠢ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠳᠤᠮᠳᠠᠳᠤ ᠤᠯᠤᠰ ᠬᠠᠯᠠᠭᠤᠮᠰᠤᠭ ᠢᠶᠠᠷ ᠵᠣᠴᠢᠯᠠᠵᠤ᠂ ᠪᠢᠳᠡᠨ ᠳᠤ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠪᠠ ᠨᠥᠭᠦᠷᠰᠡᠭ ᠢ ᠣᠶᠢᠯᠠᠭᠠᠭᠤᠯᠤᠭᠰᠠᠨ ᠳᠤ ᠲᠠᠯᠠᠷᠬᠠᠵᠤ ᠪᠠᠶᠢᠨ᠎ᠠ᠃ ᠰᠧᠨᠧᠭᠠᠯ ᠳᠤᠮᠳᠠᠳᠤ 2016 ᠣᠨ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠠᠬᠢᠴᠠ ᠲᠠᠢ ᠪᠣᠯᠪᠠ᠃ ᠰᠧᠨᠧᠭᠠᠯ ᠳᠤᠮᠳᠠᠳᠤ ᠶᠢᠨ ᠬᠠᠮᠲᠤᠷᠠᠯᠴᠠᠭ᠎ᠠ ᠮᠠᠰᠢ ᠤᠯᠠᠨ ᠠᠮᠵᠢᠯᠲᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠰᠧᠨᠧᠭᠠᠯ ᠤᠨ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠪᠠ᠃ ᠰᠧᠨᠧᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠬᠥᠮᠥᠨ ᠤ ᠡᠷᠬᠡ ᠶᠢᠨ ᠠᠰᠠᠭᠤᠳᠠᠯ ᠢ ᠤᠯᠤᠰ ᠲᠥᠷᠥᠴᠢᠯᠡᠬᠦ ᠶᠢ ᠡᠰᠡᠷᠭᠦᠴᠡᠵᠦ᠂ ᠳᠤᠮᠳᠠᠳᠤ ᠤᠯᠤᠰ ᠯᠤᠭ᠎ᠠ ᠰᠧᠨᠧᠭᠠᠯ ᠳᠤᠮᠳᠠᠳᠤ ᠶᠢᠨ ᠨᠥᠬᠦᠷᠯᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠪᠠᠷ ᠴᠢᠷᠮᠠᠶᠢᠵᠤ᠂ ᠳᠤᠷᠠᠲᠠᠶ᠎ᠠ ᠳᠤᠮᠳᠠᠳᠤ ᠤᠯᠤᠰ ᠤᠨ ᠨᠠᠮ ᠢ ᠵᠠᠰᠠᠵᠤ ᠲᠦᠷᠦ ᠶᠢ ᠵᠠᠰᠠᠭᠰᠠᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠲᠣᠭᠠᠴᠢᠯᠠᠯᠳᠠ᠂ ᠠᠵᠢᠯ ᠮᠡᠷᠭᠡᠵᠢᠯ ᠤᠨ ᠪᠣᠯᠪᠠᠰᠤᠷᠠᠯ᠂ ᠵᠠᠯᠠᠭᠤᠴᠤᠳ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠰᠧᠨᠧᠭᠠᠯ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠤᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠪᠠᠶᠢᠭᠤᠯᠵᠤ ᠬᠥᠭᠵᠢᠭᠦᠯᠦᠭᠰᠡᠨ ᠨᠢ ᠨᠥᠭᠦᠷᠰᠡᠭ ᠢᠲᠡᠭᠡᠯᠴᠡᠬᠦ᠂ ᠬᠠᠷᠢᠯᠴᠠᠨ ᠬᠦᠨᠳᠦᠳᠬᠡᠬᠦ᠂ ᠪᠦᠯᠬᠦᠮᠳᠡᠨ ᠬᠠᠮᠲᠤᠷᠠᠯᠴᠠᠬᠤ᠂ ᠪᠣᠳᠠᠲᠠᠢ ᠶᠢ ᠡᠷᠭᠢᠮᠯᠡᠭᠦ ᠥᠨᠳᠥᠷ ᠪᠦᠲᠦᠮᠵᠢᠲᠡᠢ ᠪᠠᠶᠢᠬᠤ ᠳᠤ ᠰᠠᠭᠤᠷᠢᠯᠠᠵᠤ᠂ ᠠᠹᠷᠢᠺᠠ ᠲᠢᠪ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠧᠨᠧᠭᠠᠯ ᠤᠨ ᠬᠢᠨ ᠳᠤᠷᠠᠲᠠᠶ᠎ᠠ ᠳᠤᠮᠳᠠᠳᠤ ᠤᠯᠤᠰ  ᠯᠤᠭ᠎ᠠ ᠨᠢᠭᠲᠠ ᠬᠠᠮᠵᠢᠯᠴᠠᠵᠤ᠂ ᠲᠤᠰ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠣᠯᠬᠤ ᠶᠢ ᠪᠠᠲᠤᠯᠠᠨ᠎ᠠ᠃ ᠰᠧᠨᠧᠭᠠᠯ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠠᠮᠲᠤ ᠶᠢᠨ ᠬᠥᠭᠵᠢᠯᠲᠡ ᠪᠣᠯᠣᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠳᠤᠮᠳᠠᠳᠤ ᠤᠯᠤᠰ ᠤᠨ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠣᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠡᠯᠡ ᠣᠷᠣᠭᠤᠯᠤᠯᠲᠠ ᠠᠵᠤ ᠠᠬᠤᠢ ᠶᠢᠨ ᠬᠠᠮᠲᠤᠷᠠᠯᠴᠠᠭ᠎ᠠ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ᠂ ᠬᠥᠮᠥᠨ ᠤ ᠬᠦᠴᠦᠨ ᠤ ᠡᠬᠢ ᠪᠠᠶᠠᠯᠢᠭ᠂ ᠪᠣᠬᠢᠷᠳᠤᠯ ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠰᠧᠨᠧᠭᠠᠯ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠳᠤᠮᠳᠠᠳᠤ ᠰᠧᠨᠧᠭᠠᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠹᠠᠶᠧ ᠪᠣᠯᠣᠨ ᠲᠡᠭᠦᠨ ᠤ ᠬᠠᠳᠤᠨ ᠮᠠᠷᠢ ᠶᠢ ᠤᠭᠲᠤᠬᠤ ᠶᠣᠰᠣᠯᠠᠯ ᠶᠠᠪᠤᠭᠤᠯᠪᠠ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ