ᠣᠶᠢᠷ᠎ᠠ ᠳᠤ᠂ ᠪᠥᠬᠦ ᠤᠯᠤᠰ ᠤᠨ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠵᠦ ᠬᠢᠨᠠᠨ ᠰᠢᠨᠵᠢᠵᠦ ᠰᠡᠷᠡᠮᠵᠢᠯᠡᠭᠦᠯᠬᠦ ᠲᠥᠪ 7 ᠳ᠋ᠤᠭᠠᠷ ᠰᠠᠷ᠎ᠠ ᠳᠠᠬᠢ ᠡᠯ᠎ᠡ | ᠮᠤᠵᠢ ᠶᠢᠨ ᠱᠠᠲᠤᠨ ᠤ ᠣᠷᠣᠨ ᠪᠦᠰᠡ ᠶᠢᠨ ᠰᠢᠨ᠎ᠡ ᠡᠨᠧᠷᠭᠢ ᠶᠢ ᠪᠠᠭᠲᠠᠭᠠᠨ ᠰᠢᠩᠭᠡᠭᠰᠡᠨ ᠪᠠᠶᠢᠳᠠᠯ ᠢ ᠨᠡᠶᠢᠲᠡᠯᠡᠪᠡ᠃ 7 ᠳ᠋ᠤᠭᠠᠷ ᠰᠠᠷ᠎ᠠ ᠳᠤ᠂ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠤᠨ ᠪᠥᠬᠦ ᠤᠯᠤᠰ ᠤᠨ ᠳᠤᠮᠳᠠᠴᠢ ᠠᠰᠢᠭᠯᠠᠯᠲᠠ ᠶᠢᠨ ᠨᠣᠷᠮ᠎ᠠ ᠨᠢ 97.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5 | ᠵᠠᠭᠤᠨ ᠤ ᠴᠡᠭ ᠪᠠᠭᠤᠷᠠᠪᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠠᠰᠢᠭᠯᠠᠯᠲᠠ ᠶᠢᠨ ᠨᠣᠷᠮ᠎ᠠ ᠨᠢ 98. | 1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠴᠡᠭ ᠳᠡᠭᠡᠭᠰᠢᠯᠡᠵᠦ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠠᠯᠬᠢᠨ | ᠬᠦᠴᠦᠨ ᠤ ᠴᠠᠬᠢᠯᠭᠠᠨ ᠤ ᠠᠰᠢᠭᠯᠠᠯᠲᠠ ᠶᠢᠨ ᠨᠣᠷᠮ᠎ᠠ ᠨᠢ 98.7% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ᠃ ᠭᠡᠷᠡᠯᠴᠢ | ᠴᠡᠨᠡᠭ ᠤᠨ ᠲᠥᠷᠥᠯ ᠵᠦᠢᠯ ᠤᠨ ᠪᠦᠬᠦ ᠤᠯᠤᠰ ᠤᠨ ᠳᠤᠮᠳᠠᠴᠢ ᠠᠰᠢᠭᠯᠠᠯᠲᠠ ᠶᠢᠨ ᠨᠣᠷᠮ᠎ᠠ ᠨᠢ 97.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.1 | ᠵᠠᠭᠤᠨ ᠤ ᠴᠡᠭ ᠪᠠᠭᠤᠷᠠᠪᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠭᠡᠷᠡᠯᠴᠢ ᠴᠡᠨᠡᠭ ᠤᠨ ᠠᠰᠢᠭᠯᠠᠯᠲᠠ ᠶᠢᠨ ᠨᠣᠷᠮ᠎ᠠ ᠨᠢ 99.6% | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠪᠠᠭᠤᠷᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠭᠡᠷᠡᠯᠴᠢ | ᠴᠡᠨᠡᠭ ᠤᠨ ᠠᠰᠢᠭᠯᠠᠯᠲᠠ ᠶᠢᠨ ᠨᠣᠷᠮ᠎ᠠ ᠨᠢ 98.6%᠂ ᠠᠳᠠᠯᠢ ᠬᠤᠭᠤᠴᠠᠭᠠᠨ ᠤ ᠬᠢ ᠠᠴᠠ 0.7 ᠵᠠᠭᠤᠨ ᠤ ᠴᠡᠭ ᠳᠡᠭᠡᠭᠰᠢᠯᠡᠪᠡ᠃ 1 - 7 ᠳ᠋ᠤᠭᠠᠷ ᠰᠠᠷ᠎ᠠ ᠳᠤ᠂ | ᠮᠠᠨ ᠤ ᠣᠷᠣᠨ ᠤ ᠰᠢᠨ᠎ᠡ ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠨᠢ 94.9% ᠪᠠᠶᠢᠵᠤ᠂ ᠣᠨ ᠤ ᠬᠠᠷᠠᠯᠲᠠᠲᠤ ᠬᠡᠮᠵᠢᠭᠳᠡᠯ ᠠᠴᠠ ᠪᠠᠨ 4.9 ᠵᠠᠭᠤᠨ ᠤ ᠴᠡᠭ | ᠥᠨᠳᠥᠷ ᠪᠠᠶᠢᠪᠠ᠃ ︵ᠡᠨᠧᠷᠭᠢ ᠶᠢᠨ ᠲᠣᠪᠴᠢᠶ᠎ᠠ︶ |