ᠳᠠᠷᠤᠭᠠᠰᠤ ᠪᠠᠨ ᠬᠥᠩᠭᠡᠯᠡᠬᠦ ᠠᠷᠭ᠎ᠠ
ᠨᠡᠶᠢᠲᠡᠯᠡᠭᠰᠡᠨ ᠴᠠᠭ᠄
2024/9/5
      ᠠᠵᠢᠯ ᠤᠨ ᠳᠠᠷᠤᠭᠠᠰᠤ᠂ ᠠᠮᠢᠳᠤᠷᠠᠯ ᠠᠴᠠ ᠪᠣᠯᠤᠭᠰᠠᠨ ᠠᠯᠢᠪᠠ ᠤᠴᠢᠷ ᠨᠢ ᠬᠥᠮᠥᠰ ᠢ ᠦᠷᠬᠦᠯᠵᠢ ᠶᠠᠳᠠᠷᠠᠭ᠎ᠠ ᠳᠤ ᠠᠪᠲᠠᠭᠤᠯᠳᠠᠭ᠃ ᠡᠶᠢᠮᠦᠷᠬᠦᠦ ᠪᠠᠶᠢᠳᠠᠯ ᠳᠤ ᠪᠢᠳᠠ ᠬᠡᠷᠬᠢᠨ ᠪᠡᠶ᠎ᠡ ᠰᠡᠳᠬᠢᠯ ᠢᠶᠠᠨ ᠲᠠᠶᠢᠪᠤᠩ ᠪᠠᠶᠢᠯᠭᠠᠬᠤ ᠪᠤᠢ︖ ᠡᠨᠡ ᠲᠤᠬᠠᠢ ᠡᠮᠴᠢ ᠶᠢᠨ ᠰᠠᠨᠠᠭᠤᠯᠭ᠎ᠠ ᠪᠠᠷ ᠳᠣᠣᠷᠠᠬᠢ ᠬᠡᠳᠦᠨ ᠲᠠᠯ᠎ᠠ ᠶᠢᠨ ᠵᠥᠪᠯᠡᠯᠭᠡ ᠶᠢ ᠬᠦᠷᠭᠡᠵᠦ ᠪᠠᠶᠢᠨ᠎ᠠ᠃         ᠠᠮᠢᠰᠬᠤᠯ ᠢᠶᠠᠷ ᠲᠠᠶᠢᠪᠤᠰᠢᠷᠠᠬᠤ ᠠᠷᠭ᠎ᠠ᠄ ᠭᠦᠨ ᠠᠮᠢᠰᠬᠤᠭ᠎ᠠ ᠠᠪᠬᠤ ᠨᠢ ᠭᠡᠨᠡᠳᠲᠡ ᠶᠢᠨ ᠠᠭᠤᠷ ᠤᠴᠠᠭᠠᠷ ᠢ ᠨᠠᠮᠳᠠᠭᠠᠵᠤ ᠲᠡᠶᠢᠯᠦᠨ᠎ᠡ᠃ ᠳᠠᠷᠤᠢ ᠭᠦᠨ ᠠᠮᠢᠰᠬᠤᠭᠠᠳ ᠠᠮᠢᠰᠬᠤᠯ ᠢᠶᠠᠨ ᠠᠯᠭᠤᠷ ᠬᠡᠪᠡᠯᠢ ᠶᠢᠨ ᠬᠡᠰᠡᠭ ᠲᠡᠭᠡᠨ ᠬᠦᠷᠭᠡᠵᠦ᠂ ᠲᠠᠷᠠᠭ᠎ᠠ ᠨᠢ ᠬᠠᠪᠢᠷᠭ᠎ᠠ ᠶᠢᠨ ᠶᠠᠰᠤᠨ ᠤ ᠬᠡᠰᠡᠭ ᠲᠡᠭᠡᠨ ᠬᠦᠷᠭᠡᠵᠦ᠂ ᠲᠠᠬᠢᠨ ᠠᠭᠠᠵᠢᠮ ᠢᠶᠠᠷ ᠠᠮᠢᠰᠬᠤᠨ ᠭᠠᠷᠭᠠᠬᠤ ᠶᠢ ᠬᠡᠯᠡᠨ᠎ᠡ᠃         ᠪᠤᠯᠴᠢᠩ ᠰᠢᠷᠪᠦᠰᠦ ᠪᠠᠷ ᠲᠠᠶᠢᠪᠤᠰᠢᠷᠠᠭᠤᠯᠬᠤ ᠠᠷᠭ᠎ᠠ᠄ 3 ᠮᠢᠨᠦ᠋ᠲ ᠤᠨ ᠳᠣᠲᠣᠷ᠎ᠠ ᠳᠣᠣᠷᠠᠬᠢ ᠮᠡᠲᠦ ᠬᠥᠳᠡᠯᠭᠡᠭᠡᠨ ᠢ ᠲᠠᠬᠢᠨ ᠳᠠᠪᠲᠠᠨ ᠬᠢᠵᠦ ᠲᠠᠶᠢᠪᠤᠰᠢᠷᠠᠭᠤᠯᠬᠤ︔ ᠨᠢᠳᠦ ᠪᠠᠨ ᠠᠨᠢᠭᠠᠳ ᠰᠠᠭᠤᠬᠤ᠃ 6 ᠰᠧᠺᠦ᠋ᠨ᠋ᠳ᠋ ᠪᠦᠷᠢ ᠳᠤ ᠠᠮᠢᠰᠬᠤᠬᠤ ᠳᠠᠭᠠᠨ ᠪᠤᠯᠴᠢᠩ ᠰᠢᠷᠪᠦᠰᠦ ᠪᠠᠨ ᠴᠢᠩᠭᠠᠯᠠᠨ᠎ᠠ᠃ ᠠᠯᠭᠤᠷ ᠢᠶᠠᠷ ᠠᠮᠢᠰᠬᠤᠨ ᠭᠠᠷᠭᠠᠬᠤ ᠶᠢᠨ ᠳᠠᠭᠠᠤ ᠪᠡᠶ᠎ᠡ ᠪᠠᠨ ᠰᠤᠯᠠ ᠲᠠᠯᠪᠢᠵᠤ᠂ ᠠᠶᠢᠵᠠᠮ ᠲᠠᠢ ᠪᠠᠷ ᠬᠤᠷᠢᠨ ᠮᠢᠨᠦ᠋ᠲ ᠠᠮᠢᠰᠬᠤᠭ᠎ᠠ ᠠᠪᠤᠨ᠎ᠠ᠃ ᠬᠤᠶᠠᠷ ᠤᠳᠠᠭ᠎ᠠ ᠳᠠᠪᠲᠠᠵᠤ ᠬᠢᠨ᠎ᠡ᠃         ᠪᠡᠶ᠎ᠡ ᠪᠠᠨ ᠬᠠᠯᠠᠭᠤᠨ ᠤᠰᠤᠨ ᠳᠤ ᠳᠡᠪᠲᠦᠭᠡᠬᠦ᠄ ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠪᠣᠯ ᠬᠠᠮᠤᠭ ᠤᠨ ᠰᠠᠶᠢᠨ ᠲᠠᠶᠢᠪᠤᠰᠢᠷᠠᠭᠤᠯᠬᠤ ᠠᠷᠭ᠎ᠠ ᠪᠣᠯᠣᠨ᠎ᠠ᠃ ᠡᠨᠡ ᠦᠶ᠎ᠡ ᠳᠤ ᠪᠡᠶ᠎ᠡ ᠪᠠᠨ ᠰᠤᠯᠠ ᠪᠠᠶᠢᠯᠭᠠᠵᠤ᠂ ᠬᠠᠮᠤᠭ ᠤᠨ ᠰᠠᠶᠢᠨ ᠨᠢ ᠪᠡᠶ᠎ᠡ ᠶᠢᠨ ᠳᠤᠯᠠᠭᠠᠨ ᠠᠴᠠ ᠵᠢᠭᠠᠬᠠᠨ ᠥᠨᠳᠥᠷ ᠬᠠᠯᠠᠭᠤᠨ ᠤᠰᠤᠨ ᠳᠤ ᠳᠡᠪᠲᠦᠭᠡᠵᠦ᠂ 15 ᠮᠢᠨᠦ᠋ᠲ ᠢ ᠬᠡᠲᠦᠷᠡᠬᠦ ᠦᠭᠡᠢ ᠪᠠᠶᠢᠪᠠᠯ ᠵᠣᠬᠢᠨ᠎ᠠ᠃         ᠠᠯᠬᠤᠬᠤ᠄ ᠰᠤᠯᠠ ᠠᠯᠬᠤᠬᠤ ᠨᠢ ᠪᠠᠴᠢᠮ ᠰᠠᠨᠳᠤᠷᠤᠤ ᠤᠷᠮ᠎ᠠ ᠰᠡᠳᠬᠢᠯᠭᠡ ᠶᠢ ᠨᠠᠮᠳᠠᠭᠠᠵᠤ᠂ ᠦᠷ᠎ᠡ ᠪᠦᠲᠦᠮᠵᠢ ᠨᠢ 1-2 ᠴᠠᠭ ᠦᠷᠭᠦᠯᠵᠢᠯᠡᠨ᠎ᠡ᠃         ᠬᠥᠳᠡᠯᠭᠡᠭᠡᠨ ᠬᠢᠬᠦ᠄ ᠳᠠᠷᠤᠭᠠᠰᠤ ᠶᠢ ᠬᠥᠩᠭᠡᠯᠡᠬᠦ ᠬᠠᠮᠤᠭ ᠤᠨ ᠪᠣᠳᠠᠲᠠᠢ ᠠᠷᠭ᠎ᠠ ᠪᠣᠯᠣᠨ᠎ᠠ᠃ 40 ᠮᠢᠨᠦ᠋ᠲ ᠤᠨ ᠬᠥᠳᠡᠯᠭᠡᠭᠡᠨ ᠬᠢᠪᠡᠯ ᠰᠡᠳᠬᠢᠯ ᠰᠠᠨᠠᠭ᠎ᠠ ᠶᠢ 3 ᠴᠠᠭ ᠲᠠᠶᠢᠪᠤᠰᠢᠷᠠᠭᠤᠯᠤᠨ᠎ᠠ᠃         ᠰᠡᠳᠬᠢᠴᠡ ᠶᠢᠨ ᠵᠥᠪᠯᠡᠯᠭᠡ ᠬᠦᠯᠢᠶᠡᠬᠦ᠄ ᠥᠪᠡᠷ ᠢ ᠪᠠᠨ ᠲᠠᠶᠢᠪᠤᠰᠢᠷᠠᠭᠤᠯᠵᠤ ᠳᠡᠶᠢᠯᠬᠦ ᠦᠭᠡᠢ ᠪᠠᠶᠢᠳᠠᠯ ᠳᠣᠣᠷ᠎ᠠ ᠰᠡᠳᠬᠢᠴᠡ ᠵᠠᠰᠠᠯ ᠤᠨ ᠬᠥᠮᠥᠰ ᠠᠴᠠ ᠲᠤᠰᠠᠯᠠᠮᠵᠢ ᠬᠦᠰᠡᠵᠦ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ