ᠠᠩᠬᠠᠷ︕ ᠲᠤᠰᠬᠠᠢ ᠠᠰᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/9/5
      ︽ᠲᠤᠰᠬᠠᠢ ᠠᠰᠢᠭ ᠤᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠡᠳ᠋ ᠭᠠᠶᠢᠯᠢ〔 2024〕23 ᠳ᠋ᠤᠭᠠᠷ ᠲᠣᠭᠠᠲᠤ︶᠂ ︽ᠲᠤᠰᠬᠠᠢ ᠠᠰᠢᠭ ᠤᠨ ᠡᠷᠬᠡ ᠶᠢᠨ ᠨᠥᠬᠦᠪᠦᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ ᠵᠦᠢᠯᠡᠰ ᠤᠨ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ〔 2024〕 1156 ᠳ᠋ᠤᠭᠠᠷ ᠲᠣᠭᠠᠲᠤ︶ ᠢ ᠦᠨᠳᠦᠰᠦᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ ᠳᠡᠭᠡᠷ᠎ᠡ ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠢ ᠠᠰᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠠᠰᠤᠵᠤ ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄             ᠨᠢᠭᠡ᠂ ᠲᠤᠰᠬᠠᠢ ᠠᠰᠢᠭ ᠤᠨ ᠡᠷᠬᠡᠲᠦ ᠬᠥᠮᠥᠨ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠦᠷᠢ ᠠᠪᠬᠤ ᠭᠤᠶᠤᠴᠢᠯᠠᠯ ᠭᠠᠷᠭᠠᠪᠠᠯ᠂ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠦᠷᠢ ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ  ᠨᠢ ᠵᠦᠢᠯ ᠪᠦᠷᠢ ᠳᠤ 200 ᠲᠥᠭᠦᠷᠢᠭ ᠪᠣᠯᠣᠨ᠎ᠠ᠃ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠦᠷᠢ ᠠᠪᠬᠤ ᠭᠤᠶᠤᠴᠢᠯᠠᠯ ᠢ ᠬᠢᠨᠠᠨ ᠪᠠᠶᠢᠴᠠᠭᠠᠭᠠᠳ ᠬᠤᠭᠤᠴᠠᠭ᠎ᠠ ᠬᠢᠵᠠᠭᠠᠷ ᠤᠨ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠰᠬᠠᠢ ᠠᠰᠢᠭ ᠤᠨ ᠡᠷᠬᠡ ᠶᠢᠨ ᠨᠥᠬᠦᠪᠦᠷᠢ ᠥᠭᠬᠦ ᠬᠤᠭᠤᠴᠠᠭᠠᠨ ᠤ ᠵᠢᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ ᠬᠤᠷᠢᠶᠠᠨ᠎ᠠ᠂ ᠨᠢᠭᠡ ᠵᠢᠯ ᠬᠦᠷᠬᠦ ᠦᠭᠡᠢ ᠬᠡᠰᠡᠭ ᠠᠴᠠ ᠰᠦᠢᠳᠬᠡᠯ ᠬᠤᠷᠢᠶᠠᠬᠤ ᠦᠭᠡᠢ᠃᠃             ᠬᠤᠶᠠᠷ᠂ ᠲᠤᠰᠬᠠᠢ ᠠᠰᠢᠭ ᠤᠨ ᠨᠡᠭᠡᠭᠡᠯᠲᠡ ᠬᠢᠬᠦ ᠶᠢ ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠲᠤᠰᠬᠠᠢ ᠠᠰᠢᠭ ᠤᠨ ᠣᠨ ᠤ ᠵᠠᠷᠤᠳᠠᠯ ᠢ 15% ᠪᠠᠷ ᠬᠠᠰᠤᠵᠤ ᠬᠡᠯᠲᠦᠷᠢᠭᠦᠯᠦᠨ᠎ᠡ᠃ ᠡᠭᠦᠨ ᠤ ᠬᠠᠮᠲᠤ ᠲᠤᠰᠬᠠᠢ ᠠᠰᠢᠭ ᠤᠨ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠤᠰᠤᠳ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ ᠲᠣᠬᠢᠷᠠᠪᠠᠯ᠂ ᠬᠠᠮᠤᠭ ᠤᠨ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠣᠨ᠎ᠠ᠂ ᠭᠡᠪᠡᠴᠦ ᠳᠠᠪᠬᠤᠷᠳᠠᠭᠤᠯᠤᠨ ᠭᠥᠷᠳᠡᠵᠦ ᠪᠣᠯᠬᠤ ᠦᠭᠡᠢ᠃ 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ