ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠤᠰᠤᠯᠠᠬᠤ ᠪᠣᠯ ᠡᠷᠳᠡᠨᠢ ᠰᠢᠰᠢ ᠶᠢᠨ ᠲᠠᠷᠢᠮᠠᠯ ᠤᠨ ᠨᠢᠭᠲᠠᠴᠠ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠤᠰᠤ | ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ︔ ︽ᠤᠨᠠᠯᠲᠠ ᠪᠠᠷ ᠪᠣᠷᠳᠣᠭᠤᠷ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ | ᠪᠣᠷᠳᠣᠭᠤᠷ ᠣᠷᠣᠭᠤᠯᠬᠤ︾ ᠵᠠᠷᠴᠢᠮ ᠢ ᠡᠵᠡᠮᠳᠡᠨ ᠨᠠᠷᠢᠯᠢᠭ ᠣᠨᠣᠴᠠᠲᠠᠢ ᠪᠠᠷ ᠪᠣᠷᠳᠣᠭᠤᠷ ᠳᠤᠰᠤᠭᠠᠬᠤ ᠨᠢ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠵᠦ᠂ | ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠠᠰᠢᠭᠲᠠᠢ ᠶᠤᠮ᠃ ᠤᠰᠤᠯᠠᠯᠲᠠ ᠶᠢᠨ ᠬᠤᠭᠤᠴᠠᠭ᠎ᠠ᠄ ᠪᠦᠬᠦ᠋ᠢᠯᠡ ᠦᠷᠡᠵᠢᠯ ᠤᠨ | ᠬᠤᠭᠤᠴᠠᠭ᠎ᠠ ᠨᠢ ᠶᠡᠷᠦ ᠳᠡᠭᠡᠨ ᠳᠠᠷᠢᠭᠰᠠᠨ ᠤ ᠳᠠᠷᠠᠭᠠᠬᠢ 3 ᠡᠳᠦᠷ᠂ ᠦᠶᠡᠯᠡᠬᠦ ᠬᠤᠭᠤᠴᠠᠭ᠎ᠠ ︵6 ᠨᠠᠪᠴᠢ ᠳᠡᠯᠭᠡᠬᠦ︶᠂ ᠪᠠᠭ᠎ᠠ ᠪᠦᠷᠢᠶᠡᠨ ᠤ ᠠᠮᠠᠰᠠᠷ ᠤᠨ ᠬᠤᠭᠤᠴᠠᠭ᠎ᠠ | ︵9 ᠨᠠᠪᠴᠢ ᠳᠡᠯᠭᠡᠭ᠊ ᠤ᠋︶᠂ ᠶᠡᠭᠡ ᠪᠦᠷᠢᠶᠡᠨ ᠤ ᠠᠮᠠᠰᠠᠷ ᠤᠨ ᠬᠤᠭᠤᠴᠠᠭ᠎ᠠ ︵12 ᠨᠠᠪᠴᠢ ᠳᠡᠯᠭᠡᠬᠦ︶᠂ ᠡᠷ᠎ᠡ ᠰᠣᠷᠣᠬᠤ ᠬᠤᠭᠤᠴᠠᠭ᠎ᠠ᠂ ᠮᠢᠨᠳᠠᠰᠤ ᠪᠥᠭᠡᠯᠵᠢᠬᠦ | ᠬᠤᠭᠤᠴᠠᠭ᠎ᠠ᠂ ᠢᠳᠡᠭᠡ ᠬᠤᠷᠠᠬᠤ ᠬᠤᠭᠤᠴᠠᠭ᠎ᠠ ︵ ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ︶᠂ ᠰᠦ ᠪᠣᠯᠪᠠᠰᠤᠷᠠᠬᠤ ᠬᠤᠭᠤᠴᠠᠭ᠎ᠠ ︵ᠮᠢᠨᠳᠠᠰᠤ | ᠪᠥᠭᠡᠯᠵᠢᠭᠰᠡᠨ ᠤ ᠳᠠᠷᠠᠭᠠᠬᠢ 30 ᠡᠳᠦᠷ︶ ᠶᠢᠨ ᠳᠣᠲᠣᠷ᠎ᠠ ᠪᠣᠯᠣᠨ᠎ᠠ᠃ ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ ᠬᠡᠮᠵᠢᠶ᠎ᠡ᠄ ᠪᠣᠷᠣᠭᠠᠨ ᠤ ᠬᠡᠮᠵᠢᠶ᠎ᠡ᠂ | ᠬᠥᠷᠥᠰᠥᠨ ᠤ ᠴᠢᠭᠢᠭ ᠤᠨ ᠪᠠᠶᠢᠳᠠᠯ ᠵᠢᠴᠢ ᠤᠰᠤ ᠬᠠᠳᠠᠭᠠᠯᠠᠬᠤ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠵᠦ ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ | ᠬᠡᠮᠵᠢᠶ᠎ᠡ ᠶᠢ ᠲᠣᠭᠲᠠᠭᠠᠨ᠎ᠠ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠄ ᠠᠰᠢᠭᠲᠤ ᠬᠤᠷ᠎ᠠ ᠲᠤᠨᠳᠠᠰᠤᠨ ᠤ ᠬᠡᠮᠵᠢᠶ᠎ᠡ ᠨᠢ 300mm ᠠᠴᠠ ᠳᠡᠭᠡᠭᠰᠢ | ᠬᠦᠷᠬᠦ ᠳᠤ᠂ ᠳᠠᠷᠢᠬᠤ ᠨᠢᠭᠲᠠᠴᠠ ᠨᠢ 6000 ᠰᠠᠭᠤᠷᠢ / ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ | ᠬᠡᠮᠵᠢᠶ᠎ᠡ ᠨᠢ 180-240m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ︔ ᠳᠠᠷᠢᠬᠤ ᠨᠢᠭᠲᠠᠴᠠ ᠨᠢ 8000 ᠰᠠᠭᠤᠷᠢ / ᠮᠦ᠂ ᠡᠷᠳᠡᠨᠢ ᠰᠢᠰᠢ ᠶᠢᠨ ᠪᠥᠬᠦ | ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 240-320m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ᠃ | ᠲᠤᠨᠳᠠᠰᠤᠨ ᠤ ᠬᠡᠮᠵᠢᠶ᠎ᠡ ᠨᠢ 200mm ᠣᠷᠴᠢᠮ ᠤᠨ ᠭᠠᠵᠠᠷ ᠣᠷᠣᠨ ᠳᠤ᠂ ᠳᠠᠷᠢᠬᠤ ᠨᠢᠭᠲᠠᠴᠠ ᠨᠢ 6000 ᠰᠠᠭᠤᠷᠢ \ ᠮᠦ᠂ ᠡᠷᠳᠡᠨᠢ ᠰᠢᠰᠢ ᠶᠢᠨ ᠪᠥᠬᠦ | ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 240-300m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ︔ | ᠳᠠᠷᠢᠬᠤ ᠨᠢᠭᠲᠠᠴᠠ ᠨᠢ 8000 ᠰᠠᠭᠤᠷᠢ \ ᠮᠦ᠂ ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ | 320-360m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃ ᠵᠡᠭᠦᠨ ᠬᠡᠰᠡᠭ ᠤᠨ ᠭᠠᠵᠠᠷ ᠣᠷᠣᠨ᠄ ᠠᠰᠢᠭᠲᠤ ᠬᠤᠷ᠎ᠠ ᠲᠤᠨᠳᠠᠰᠤᠨ ᠤ ᠬᠡᠮᠵᠢᠶ᠎ᠡ ᠨᠢ | 300mm ᠠᠴᠠ ᠳᠡᠭᠡᠭᠰᠢ ᠬᠦᠷᠴᠦ᠂ ᠤᠰᠤ ᠪᠣᠷᠳᠣᠭᠤᠷ ᠬᠠᠳᠠᠭᠠᠯᠠᠬᠤ ᠪᠠᠷ ᠨᠡᠯᠢᠶᠡᠳ ᠰᠠᠶᠢᠨ ᠭᠠᠵᠠᠷ ᠲᠤ ᠳᠠᠷᠢᠬᠤ ᠨᠢᠭᠲᠠᠴᠠ ᠨᠢ 4000 ᠰᠠᠭᠤᠷᠢ / ᠮᠦ᠂ | ᠡᠷᠳᠡᠨᠢ ᠰᠢᠰᠢ ᠶᠢᠨ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ 120-150m3/᠂ 6-7 ᠤᠳᠠᠭ᠎ᠠ | ᠳᠤᠰᠤᠯᠭᠠᠨ ᠤᠰᠤᠯᠠᠨ᠎ᠠ︔ ᠤᠰᠤ ᠪᠣᠷᠳᠣᠭᠤᠷ ᠢ ᠪᠠᠲᠤᠯᠠᠬᠤ ᠪᠠᠷ ᠪᠠᠷᠤᠭᠲᠠᠢ ᠭᠠᠵᠠᠷ ᠲᠤ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ | ᠬᠡᠮᠵᠢᠶ᠎ᠡ ᠨᠢ 150-180m3/ ᠮᠦ᠂ 7-8 ᠤᠳᠠᠭ᠎ᠠ ᠳᠤᠰᠤᠯᠭᠠᠨ ᠤᠰᠤᠯᠠᠨ᠎ᠠ᠃ 6000 ᠰᠠᠭᠤᠷᠢ / ᠮᠦ ᠥᠨᠳᠥᠷ ᠨᠢᠭᠲᠠᠴᠠ ᠲᠠᠢ ᠳᠠᠷᠢᠭᠰᠠᠨ ᠡᠷᠳᠡᠨᠢ | ᠰᠢᠰᠢ ᠶᠢᠨ ᠤᠰᠤ ᠪᠣᠷᠳᠣᠭᠤᠷ ᠢ ᠪᠠᠲᠤᠯᠠᠬᠤ ᠰᠠᠶᠢᠨ ᠲᠠᠷᠢᠶᠠᠨ ᠭᠠᠵᠠᠷ ᠤᠨ ᠪᠥᠬᠦ ᠦᠷᠡᠵᠢᠯ ᠤᠨ ᠬᠤᠭᠤᠴᠠᠭᠠᠨ ᠳᠠᠬᠢ ᠶᠡᠷᠦᠩᠬᠡᠢ ᠤᠰᠤᠯᠠᠯᠲᠠ ᠶᠢᠨ ᠤᠰᠤᠨ ᠤ | ᠬᠡᠮᠵᠢᠶ᠎ᠡ ᠨᠢ 180 - 220 m3/ ᠮᠦ᠂ 7 - 8 ᠤᠳᠠᠭ᠎ᠠ ᠳᠤᠰᠤᠯᠭᠠᠨ ᠤᠰᠤᠯᠠᠨ᠎ᠠ︔ ᠤᠰᠤ ᠪᠣᠷᠳᠣᠭᠤᠷ ᠢ ᠪᠠᠲᠤᠯᠠᠬᠤ ᠪᠠᠷ ᠪᠠᠷᠤᠭᠲᠠᠢ ᠭᠠᠵᠠᠷ ᠤᠨ ᠪᠥᠬᠦ | ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠬᠡᠮᠵᠢᠶ᠎ᠡ ᠨᠢ 200-240m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃ ᠲᠤᠨᠳᠠᠰᠤᠨ ᠤ | ᠬᠡᠮᠵᠢᠶ᠎ᠡ ᠨᠢ 200mm ᠣᠷᠴᠢᠮ ᠤᠨ ᠭᠠᠵᠠᠷ ᠣᠷᠣᠨ ᠳᠤ᠂ ᠪᠥᠬᠦ ᠦᠷᠡᠵᠢᠯ ᠤᠨ ᠬᠤᠭᠤᠴᠠᠭᠠᠨ ᠤ ᠶᠡᠷᠦᠩᠬᠡᠢ ᠤᠰᠤᠯᠠᠯᠲᠠ ᠶᠢᠨ ᠤᠰᠤᠨ ᠤ ᠬᠡᠮᠵᠢᠶ᠎ᠡ ᠨᠢ | 200-240m3/ ᠮᠦ᠂ 8-9 ᠤᠳᠠᠭ᠎ᠠ ᠳᠤᠰᠤᠯᠭᠠᠨ ᠤᠰᠤᠯᠠᠨ᠎ᠠ᠃ ᠠᠩᠬᠠᠷᠬᠤ ᠵᠦᠢᠯ᠄ 1. ᠶᠡᠷᠦ ᠳᠡᠭᠡᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ | ᠬᠤᠭᠤᠯᠠᠢ ᠶᠢᠨ ᠪᠦᠰᠡ ᠶᠢ ᠵᠠᠯᠭᠠᠵᠤ ᠨᠢᠭᠡ ᠤᠳᠠᠭ᠎ᠠ ᠳᠤᠰᠤᠯᠭᠠᠨ ᠤᠰᠤᠯᠠᠬᠤ ᠬᠡᠷᠡᠭᠲᠡᠢ᠂ ᠤᠰᠤᠯᠠᠯᠲᠠ ᠶᠢᠨ ᠬᠡᠮᠵᠢᠶ᠎ᠡ ᠨᠢ 15-20m3/ ᠮᠦ᠂ ᠴᠢᠭᠢᠭᠲᠦᠭᠦᠯᠦᠨ | ᠳᠠᠷᠢᠭᠰᠠᠨ ᠮᠥᠷ ᠤᠨ 5cm ᠣᠷᠴᠢᠮ ᠳᠤ ᠵᠣᠬᠢᠨ᠎ᠠ᠂ ᠳᠤᠰᠤᠯᠭᠠᠵᠤ ᠴᠢᠬᠢ ᠭᠠᠷᠭᠠᠬᠤ ᠪᠠᠷ ᠳᠠᠮᠵᠢᠨ ᠴᠢᠬᠢ ᠶᠢᠨ ᠶᠠᠰᠤ ᠴᠢᠨᠠᠷ ᠪᠠ ᠵᠢᠭᠳᠡ ᠬᠡᠮᠵᠢᠶ᠎ᠡ ᠶᠢ ᠪᠠᠲᠤᠯᠠᠨ᠎ᠠ᠃ | 2. ᠡᠷᠳᠡᠨᠢ ᠰᠢᠰᠢ ᠶᠢ ᠴᠢᠬᠢᠯᠡᠭᠦᠯᠬᠦ ᠤᠰᠤ ᠳᠤᠰᠤᠯᠭᠠᠬᠤ ᠠᠴᠠ ᠠᠪᠤᠭᠠᠳ ᠦᠷᠡᠵᠢᠯ ᠤᠨ ᠬᠤᠭᠤᠴᠠᠭᠠᠨ ᠤ ᠠᠩᠬᠠᠳᠠᠭᠴᠢ ᠤᠰᠤ ᠶᠢ ᠳᠤᠰᠤᠯᠭᠠᠬᠤ ᠬᠦᠷᠲᠡᠯᠡᠬᠢ | ᠬᠤᠭᠤᠴᠠᠭᠠᠨ ᠤ 55-60 ᠡᠳᠦᠷ ᠲᠤ ︽ᠴᠢᠬᠢ ᠶᠢᠨ ᠬᠥᠷᠥᠰᠥ ᠶᠢ ᠨᠢ ᠰᠤᠯᠠᠷᠠᠭᠤᠯᠵᠤ ᠡᠰᠢ ᠶᠢ ᠨᠢ ᠪᠦᠳᠦᠭᠦᠷᠡᠭᠦᠯᠬᠦ︾ ᠬᠡᠷᠡᠭᠲᠡᠢ᠂ ᠤᠰᠤ ᠳᠤᠰᠤᠯᠭᠠᠵᠤ | ᠪᠣᠷᠳᠣᠭᠤᠷ ᠣᠷᠣᠭᠤᠯᠵᠤ ᠪᠣᠯᠬᠤ ᠦᠭᠡᠢ᠃ 3. ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠬᠢᠬᠦ ᠠᠷᠭ᠎ᠠ ᠶᠢ ᠠᠪᠴᠤ᠂ ᠠᠵᠢᠯᠴᠢ ᠠᠷᠪᠢᠴᠢ ᠪᠠᠷ ᠪᠠᠭ᠎ᠠ ᠳᠤᠰᠤᠯᠭᠠᠵᠤ᠂ | ᠡᠷᠳᠡᠨᠢ ᠰᠢᠰᠢ ᠶᠢᠨ ᠦᠷᠡᠵᠢᠯ ᠤᠨ ᠬᠤᠭᠤᠴᠠᠭᠠᠨ ᠳᠤ ᠭᠠᠩ ᠬᠠᠭᠰᠠᠷᠠᠭᠠᠨ ᠤ ᠰᠦᠷᠳᠡᠭᠦᠯᠦᠯ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠲᠣᠮᠣ | ᠪᠦᠷᠢᠶᠡᠨ ᠤ ᠠᠮᠠᠰᠠᠷ ᠤᠨ ᠬᠤᠭᠤᠴᠠᠭ᠎ᠠ᠂ ᠴᠡᠴᠡᠭ ᠳᠡᠯᠭᠡᠷᠡᠨ ᠰᠢᠷᠬᠡᠭ ᠪᠥᠭᠡᠯᠵᠢᠬᠦ ᠬᠤᠭᠤᠴᠠᠭ᠎ᠠ᠂ ᠦᠷ᠎ᠡ ᠪᠦᠷᠢᠯᠳᠦᠬᠦ ᠬᠤᠭᠤᠴᠠᠭ᠎ᠠ᠂ ᠢᠳᠡᠭᠡ ᠬᠤᠷᠠᠬᠤ ᠳᠤᠮᠳᠠ ᠪᠠ | ᠰᠡᠭᠦᠯᠴᠢ ᠬᠤᠭᠤᠴᠠᠭᠠᠨ ᠤ ᠡᠷᠳᠡᠨᠢ ᠰᠢᠰᠢ ᠶᠢᠨ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ᠃ 4. ᠳᠠᠷᠢᠬᠤ ᠨᠢᠭᠲᠠᠴᠠ ᠨᠢ | ᠨᠡᠯᠢᠶᠡᠳ ᠶᠡᠭᠡ᠂ ᠠᠰᠢᠭᠲᠤ ᠬᠤᠷ᠎ᠠ ᠲᠤᠨᠤᠳᠠᠰᠤ ᠶᠢᠨ ᠬᠡᠮᠵᠢᠶ᠎ᠡ ᠪᠠᠷ ᠬᠦᠷᠦᠯᠴᠡᠬᠦ ᠦᠭᠡᠢ ᠪᠤᠶᠤ ᠤᠰᠤ ᠪᠣᠷᠳᠣᠭᠤᠷ ᠬᠠᠳᠠᠭᠠᠯᠠᠬᠤ ᠦᠷ᠎ᠡ ᠪᠦᠲᠦᠮᠵᠢ ᠪᠠᠷ ᠨᠡᠯᠢᠶᠡᠳ | ᠠᠨᠠᠢ ᠭᠠᠵᠠᠷ ᠲᠤ ᠳᠤᠰᠤᠯᠭᠠᠨ ᠤᠰᠤᠯᠠᠬᠤ ᠤᠳᠠᠭ᠎ᠠ ᠪᠠ ᠳᠤᠰᠤᠯᠭᠠᠨ ᠤᠰᠤᠯᠠᠬᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠣᠨ᠎ᠠ᠃ | |