ᠮᠣᠩᠭᠤᠯᠴᠤᠳ ᠤᠨ ᠮᠣᠷᠢᠨ ᠤ ᠰᠢᠲᠦᠯᠭᠡ ︵ᠨᠢᠭᠡ︶
ᠨᠡᠶᠢᠲᠡᠯᠡᠭᠰᠡᠨ ᠴᠠᠭ᠄
2024/9/5
      ᠮᠣᠩᠭᠤᠯᠴᠤᠳ ᠤᠨ ᠠᠳᠤᠭᠤᠨ ᠤ ᠲᠤᠬᠠᠢ ᠤᠶᠤᠨ ᠤ ᠰᠣᠶᠣᠯ ᠨᠢ ᠵᠢᠷᠤᠭ ᠱᠤᠭᠤᠮᠠᠯ᠂ ᠦᠯᠢᠭᠡᠷ ᠲᠤᠤᠯᠢ᠂ ᠳᠠᠭᠤᠤ ᠰᠢᠯᠦᠭ᠂ ᠲᠡᠬᠢᠯ ᠮᠥᠷᠭᠦᠯ᠂ ᠠᠮᠢᠳᠤᠷᠠᠯ ᠬᠡᠷᠡᠭᠰᠡᠯ ᠤᠨ ᠴᠢᠮᠡᠭᠯᠡᠯ ᠭᠡᠬᠦ ᠮᠡᠲᠦ ᠥᠷᠭᠡᠨ ᠬᠡᠪᠴᠢᠶᠡᠨ ᠳᠤ ᠠᠯᠢᠨ ᠳᠤᠨᠢ ᠴᠦ ᠳᠤᠲᠠᠭᠳᠠᠬᠤ ᠦᠭᠡᠢ ᠠᠭᠤᠯᠤᠭᠳᠠᠵᠤ ᠪᠠᠶᠢᠳᠠᠭ ᠪᠢᠯᠡ᠃             1. ᠬᠠᠲᠠᠨ ᠵᠢᠷᠤᠭ ᠲᠤ ᠢᠯᠡᠷᠡᠭᠰᠡᠨ ᠮᠣᠷᠢᠨ ᠤ ᠰᠢᠲᠦᠯᠭᠡ             ᠮᠤᠨᠢ ᠠᠭᠤᠯᠠ ᠶᠢᠨ ᠬᠠᠲᠠᠨ ᠵᠢᠷᠤᠭ ᠲᠤ ᠠᠮᠢᠲᠠᠨ ᠤ ᠵᠢᠷᠤᠭ ᠵᠣᠩᠬᠢ ᠲᠤᠭ᠎ᠠ ᠶᠢ ᠡᠵᠡᠯᠡᠳᠡᠭ᠂ ᠲᠡᠭᠦᠨᠴᠢᠯᠡᠨ ᠠᠮᠢᠲᠠᠨ ᠤ ᠳᠣᠲᠣᠷ᠎ᠠ ᠨᠢ ᠡᠯ᠎ᠡ ᠵᠦᠢᠯ ᠤᠨ ᠮᠣᠷᠢ ᠪᠣᠯᠣᠨ ᠮᠣᠷᠢᠲᠠᠨ ᠤ ᠵᠢᠷᠤᠭ ᠨᠡᠯᠢᠶᠡᠳ ᠶᠡᠭᠡ ᠬᠠᠷᠢᠴᠠᠯ ᠢ ᠡᠵᠡᠯᠡᠨ᠎ᠡ᠃ ᠡᠭᠦᠨ ᠠᠴᠠ ᠦᠵᠡᠪᠡᠯ ᠮᠣᠷᠢ ᠨᠢ ᠠᠩ ᠠᠩᠨᠠᠯ᠂ ᠮᠠᠯ ᠮᠠᠯᠯᠠᠭ᠎ᠠ ᠶᠢᠨ ᠴᠢᠬᠤᠯᠠ ᠪᠠᠶᠢᠷᠢ ᠶᠢ ᠡᠵᠡᠯᠡᠵᠦ ᠪᠠᠶᠢᠵᠠᠢ᠃ ᠮᠤᠨᠢ ᠠᠭᠤᠯᠠ ᠶᠢᠨ ᠬᠠᠲᠠᠨ ᠵᠢᠷᠤᠭ ᠤᠨ ᠰᠡᠳᠦᠪᠯᠡᠬᠦᠨ ᠨᠢ ᠵᠠᠷᠢᠮ ᠨᠢ ᠬᠡᠷᠡᠭ ᠤᠴᠢᠷ ᠤᠨ ᠲᠡᠮᠳᠡᠭᠯᠡᠯ ᠮᠥᠨ᠂ ᠭᠡᠪᠡᠴᠦ ᠲᠡᠭᠦᠨ ᠤ ᠳᠣᠲᠣᠷᠠᠬᠢ ᠴᠥᠭᠡᠨ ᠪᠤᠰᠤ ᠨᠢ ᠪᠠᠯᠠᠷᠯᠢᠭ ᠱᠠᠰᠢᠨ ᠲᠠᠢ ᠬᠤᠯᠪᠤᠭ᠎ᠠ ᠲᠠᠢ᠃ ᠲᠤᠭ᠎ᠠ ᠪᠠᠷ ᠬᠠᠮᠤᠭ ᠤᠨ ᠠᠷᠪᠢᠨ ᠠᠮᠢᠲᠠᠨ ᠤ ᠵᠢᠷᠤᠭ ᠢᠶᠠᠷ ᠠᠪᠴᠤ ᠦᠵᠡᠬᠦ ᠳᠤ ᠨᠡᠭᠦᠳᠡᠯ ᠮᠠᠯᠵᠢᠯ ᠤᠨ ᠶᠢᠷᠲᠢᠨᠴᠦ ᠶᠢᠨ ᠪᠣᠳᠠᠲᠤ ᠠᠮᠢᠳᠤᠷᠠᠯ ᠤᠨ ᠲᠤᠰᠬᠠᠯ ᠭᠡᠵᠦ ᠬᠡᠯᠡᠬᠦ ᠶᠢᠨ ᠣᠷᠣᠨ ᠳᠤ ᠳᠡᠯᠡᠬᠡᠢ ᠳᠡᠭᠡᠷ᠎ᠡ ᠨᠡᠶᠢᠳᠡᠮ ᠣᠷᠣᠰᠢᠵᠤ ᠪᠠᠶᠢᠭᠰᠠᠨ ᠠᠮᠢᠲᠠᠨ ᠤ ᠰᠢᠲᠦᠯᠭᠡ ᠶᠢᠨ ᠤᠷᠠᠯᠢᠭ ᠲᠤᠰᠬᠠᠯ ᠭᠡᠵᠦ ᠦᠵᠡᠬᠦ ᠨᠢ ᠢᠲᠡᠭᠡᠮᠵᠲᠡᠢ᠃ ᠮᠤᠨᠢ ᠠᠭᠤᠯᠠ ᠨᠢᠷᠤᠭᠤ᠂ ᠠᠯᠲᠠᠢ ᠠᠭᠤᠯᠠ ᠨᠢᠷᠤᠭᠤ ᠮᠡᠲᠦ ᠶᠢᠨ ᠮᠣᠩᠭᠤᠯ ᠤᠨ ᠥᠨᠳᠦᠷᠯᠢᠭ ᠤᠨ ᠬᠠᠲᠠᠨ ᠵᠢᠷᠤᠭ ᠲᠠᠬᠢ ᠮᠣᠷᠢ ᠪᠣᠯ ᠮᠣᠩᠭᠤᠯ ᠤᠨ ᠥᠨᠳᠦᠷᠯᠢᠭ ᠤᠨ ᠪᠠᠯᠠᠷ ᠡᠷᠲᠡᠨ ᠤ ᠤᠵᠤᠭᠤᠷ ᠢᠷᠭᠡᠳ ᠤᠨ ᠮᠣᠷᠢᠨ ᠤ ᠰᠢᠲᠦᠯᠭᠡ ᠶᠢᠨ ᠲᠤᠰᠬᠠᠯ ᠮᠥᠨ᠃ ᠮᠤᠨᠢ ᠠᠭᠤᠯᠠ ᠶᠢᠨ ᠬᠠᠲᠠᠨ ᠵᠢᠷᠤᠭ ᠲᠤ ᠴᠡᠭᠡᠵᠢᠨ ᠤ ᠡᠮᠦᠨ᠎ᠡ ᠬᠤᠶᠠᠷ ᠭᠠᠷ ᠢᠶᠠᠨ ᠬᠠᠪᠰᠤᠷᠤᠨ ᠮᠣᠷᠢᠨ ᠳᠤ ᠵᠠᠯᠪᠠᠷᠢᠵᠤ ᠪᠠᠶᠢᠭ᠎ᠠ ᠪᠤᠶᠤ ᠬᠥᠮᠥᠨ ᠤ ᠵᠢᠷᠤᠭ ᠬᠢᠭᠡᠳ ᠵᠡᠷᠯᠢᠭ ᠠᠳᠤᠭᠤᠨ ᠰᠦᠷᠦᠭ ᠤᠨ ᠬᠠᠵᠠᠭᠤᠳᠠ ᠪᠥᠵᠢᠭᠯᠡᠵᠦ ᠪᠠᠶᠢᠭ᠎ᠠ ᠵᠢᠷᠤᠭ ᠪᠠᠷ ᠴᠥᠮ ᠰᠢᠲᠦᠭᠡᠨ ᠮᠣᠷᠢᠨ ᠳᠠᠭᠠᠨ ᠮᠥᠷᠭᠦᠵᠦ ᠪᠠᠶᠢᠭ᠎ᠠ ᠪᠤᠶᠤ ᠰᠢᠲᠦᠭᠡᠨ ᠮᠣᠷᠢᠨ ᠳᠠᠭᠠᠨ ᠪᠥᠵᠢᠭ ᠡᠷᠭᠦᠨ ᠪᠠᠶᠠᠰᠬᠠᠵᠤ ᠪᠠᠶᠢᠭ᠎ᠠ ᠰᠠᠨᠠᠭ᠎ᠠ ᠶᠢ ᠭᠠᠷᠭᠠᠭᠰᠠᠨ ᠵᠢᠷᠤᠭ ᠮᠥᠨ᠃ ᠡᠭᠦᠨ ᠢ ᠡᠵᠡᠳ ᠰᠠᠬᠢᠭᠤᠰᠤ ᠪᠠᠨ ᠪᠠᠶᠠᠰᠬᠠᠬᠤ ᠶᠢᠨ ᠵᠣᠷᠢᠯᠭ᠎ᠠ ᠪᠠᠷ ᠲᠠᠬᠢᠯ ᠮᠥᠷᠭᠦᠯ ᠬᠢᠭᠰᠡᠨ ᠤ ᠲᠠᠷᠠᠭ᠎ᠠ ᠳᠠᠭᠤᠯᠠᠨ ᠪᠥᠵᠢᠭᠯᠡᠵᠦ ᠨᠠᠶᠢᠷᠯᠠᠬᠤ ᠪᠠ ᠡᠷ᠎ᠡ ᠶᠢᠨ ᠭᠤᠷᠪᠠᠨ ᠨᠠᠭᠠᠳᠤᠮ ᠤᠨ ᠮᠥᠷᠥᠶᠢᠴᠡᠭᠡᠨ ᠪᠤᠯᠲᠠᠭ ᠨᠢ ᠪᠦᠷ ᠰᠢᠲᠦᠭᠡᠨ ᠮᠣᠷᠢᠨ ᠳᠠᠭᠠᠨ ᠪᠥᠵᠢᠭ ᠡᠷᠭᠦᠬᠦ ᠰᠢᠲᠦᠯᠭᠡ ᠶᠢᠨ ᠠᠳᠠᠯᠢ ᠪᠤᠰᠤ ᠶᠢᠨ ᠲᠡᠦᠬᠡ ᠶᠢᠨ ᠱᠠᠲᠤ ᠳᠠᠬᠢ ᠬᠥᠭᠵᠢᠯ ᠤᠨ ᠬᠡᠯᠪᠡᠷᠢ ᠪᠣᠯᠣᠨ᠎ᠠ᠃ ᠮᠣᠩᠭᠤᠯ ᠤᠨ ᠥᠨᠳᠦᠷᠯᠢᠭ ᠤᠨ ᠤᠵᠤᠭᠤᠷ ᠢᠷᠭᠡᠳ ᠤᠨ ᠤᠶᠤᠨ ᠰᠡᠷᠡᠯ ᠳᠠᠬᠢ ᠮᠣᠷᠢᠨ ᠤ ᠰᠢᠲᠦᠯᠭᠡ ᠨᠢ ᠳᠠᠪᠬᠤᠷᠳᠠᠮᠠᠯ ᠰᠣᠶᠣᠯ ᠤᠨ ᠠᠭᠤᠯᠭ᠎ᠠ ᠪᠠᠶᠢᠬᠤ ᠠᠴᠠ ᠠᠯᠢ ᠴᠦ ᠠᠮᠢᠲᠠᠨ ᠤ ᠰᠢᠲᠦᠯᠭᠡ ᠠᠴᠠ ᠣᠷᠣᠶᠢᠯᠠᠵᠤ ᠪᠠᠶᠢᠵᠠᠢ᠃    
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ